ᠴᠢ ᠯᠢᠨ ᠪᠦᠯᠬᠦᠮ ᠳᠠᠭᠠᠭᠤᠯᠤᠨ ᠾᠧᠪᠧᠢ ᠮᠤᠵᠢ ᠳᠤ ᠬᠦᠷᠴᠦ ᠠᠷᠠᠯᠵᠢᠶᠠᠴᠢᠨ ᠤᠷᠢᠬᠤ ᠲᠥᠷᠥᠯ ᠵᠦᠢᠯ ᠢ ᠠᠬᠢᠭᠤᠯᠬᠤ ᠲᠤᠬᠠᠢ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2023/2/15
   2 ᠰᠠᠷ᠎ᠠ ᠶᠢᠨ 13 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠯᠬᠦᠮ ᠳᠠᠭᠠᠭᠤᠯᠤᠨ ᠾᠧᠪᠧᠢ ᠮᠤᠵᠢ ᠶᠢᠨ ᠬᠠᠨᠳᠠᠨ ᠬᠤᠲᠠ ᠶᠢᠨ ᠳ᠋ᠠ ᠮᠢᠩ ᠰᠢᠶᠠᠨ ᠢᠶᠠᠷ ᠬᠦᠷᠴᠦ ᠴᠠᠬᠢᠯᠭᠠᠨ ᠲᠤᠤᠷ ᠤᠨ ᠲᠠᠳᠠᠯᠭ᠎ᠠ ᠵᠢᠴᠢ ᠵᠠᠮ ᠤᠨ ᠬᠠᠵᠠᠭᠤ ᠳᠠᠬᠢ ᠳ᠋ᠧᠩ ᠤᠨ ᠪᠠᠭᠠᠨ᠎ᠠ ᠶᠢᠨ ᠦᠢᠯᠡᠳᠪᠦᠷᠢᠯᠡᠯ ᠤᠨ ᠲᠥᠷᠥᠯ ᠵᠦᠢᠯ ᠢ ᠵᠤᠯᠭᠠᠭᠤᠯᠬᠤ ᠲᠤᠬᠠᠢ ᠰᠢᠨᠵᠢᠯᠡᠨ ᠪᠠᠶᠢᠴᠠᠭᠠᠵᠠᠢ᠃ ᠾᠧᠪᠸᠢ ᠮᠤᠵᠢ ᠶᠢᠨ ᠬᠠᠨᠳᠠᠨ ᠬᠤᠳᠠ ᠶᠢᠨ ᠳ᠋ᠠ ᠮᠢᠩ ᠰᠢᠶᠠᠨ ᠤ ᠭᠥᠩ ᠨᠢᠦ ᠴᠠᠬᠢᠯᠭᠠᠨ ᠲᠤᠤᠷ ᠤᠨ ᠲᠠᠳᠠᠯᠭ᠎ᠠ ᠶᠢᠨ ᠬᠢᠵᠠᠭᠠᠷᠲᠤ ᠺᠣᠮᠫᠠᠨᠢ ᠳᠤ᠂ ᠵᠠᠯᠠᠶᠢᠳ ᠬᠤᠰᠢᠭᠤᠨ ᠤ ᠬᠢᠨ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠢᠶᠠᠷ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠴᠠᠬᠢᠯᠭᠠᠨ ᠲᠤᠤᠷ ᠤᠨ ᠲᠠᠳᠠᠯᠭ᠎ᠠ ᠵᠢᠴᠢ ᠵᠠᠮ ᠤᠨ ᠬᠠᠵᠠᠭᠤ ᠳᠠᠬᠢ ᠳ᠋ᠧᠩ ᠤᠨ ᠪᠠᠭᠠᠨ᠎ᠠ ᠶᠢᠨ ᠦᠢᠯᠡᠳᠪᠦᠷᠢᠯᠡᠯ ᠤᠨ ᠲᠦᠷᠦᠯ ᠵᠦᠢᠯ ᠤᠨ ᠭᠠᠵᠠᠷ ᠰᠣᠩᠭᠤᠬᠤ᠂ ᠵᠠᠬ᠎ᠠ ᠳᠡᠯᠭᠡᠭᠦᠷ᠂ ᠲᠦᠷᠦ ᠶᠢᠨ ᠪᠣᠳᠣᠯᠭ᠎ᠠ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠵᠠᠢ᠃ ᠠᠵᠤ ᠠᠬᠤᠶᠢᠯᠠᠯ ᠤᠨ ᠬᠢᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠬᠤᠭᠤᠴᠠᠭᠠᠨ ᠳᠤ ᠪᠦᠯᠬᠦᠮ ᠵᠣᠬᠢᠶᠠᠨ ᠪᠠᠶᠢᠭᠤᠯᠵᠤ ᠮᠠᠨ ᠤ ᠬᠤᠰᠢᠭᠤᠨ ᠳᠤ ᠢᠷᠡᠵᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠤᠨ ᠪᠣᠳᠠᠲᠠᠢ ᠭᠡᠷ᠎ᠡ ᠲᠣᠭᠲᠠᠬᠤ ᠤᠴᠢᠷ ᠶᠠᠪᠤᠳᠠᠯ ᠤᠨ ᠲᠤᠬᠠᠢ ᠤᠯᠠᠮ ᠨᠢᠭᠡ ᠠᠯᠬᠤᠮ ᠵᠥᠪᠳᠡᠯᠴᠡᠨ᠎ᠡ ᠭᠡᠵᠡᠢ᠃ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ᠂ ᠳᠡᠳ᠋ ᠭᠠᠵᠠᠷ ᠤᠨ ᠲᠠᠰ ᠤᠨ ᠺᠠᠳ᠋ᠷ ᠢᠦᠢ ᠴᠠᠩ ᠵᠢᠶᠠᠩ ᠵᠢᠴᠢ ᠬᠠᠮᠢᠶ᠎ᠠ ᠪᠦᠬᠦᠢ ᠬᠥᠮᠥᠰ ᠲᠤᠰ ᠠᠵᠢᠯᠯᠠᠭ᠎ᠠ ᠳᠤ ᠣᠷᠣᠯᠴᠠᠵᠠᠢ᠃  
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号