ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠠᠵᠢᠯ ᠢ ᠵᠤᠯᠭᠠᠭᠤᠯᠪᠠ
ᠨᠡᠶᠢᠲᠡᠯᠡᠭᠰᠡᠨ ᠴᠠᠭ᠄
2023/2/15
   2 ᠰᠠᠷ᠎ᠠ ᠶᠢᠨ 10 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠰᠢᠨᠵᠢᠯᠡᠨ ᠪᠠᠶᠢᠴᠠᠭᠠᠵᠤ ᠵᠥᠪᠳᠡᠯᠴᠡᠨ ᠵᠣᠯᠭᠠᠭᠤᠯᠬᠤ ᠠᠵᠢᠯᠯᠠᠭ᠎ᠠ ᠥᠷᠨᠢᠭᠦᠯᠪᠡ᠃ ᠵᠠᠯᠠᠶᠢᠳ ᠬᠤᠰᠢᠭᠤᠨ ᠤ ᠠᠮᠢ ᠠᠬᠤᠢ ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠡᠭᠡᠵᠢᠩ ᠤᠨ ᠠᠵᠤ ᠦᠢᠯᠡᠰ ᠤᠨ ᠬᠤᠯᠪᠣᠭ᠎ᠠ ᠳᠤ᠂ ᠪᠦᠲᠦᠭᠡᠭᠳᠡᠬᠦᠨ ᠢᠶᠠᠨ ᠳᠡᠯᠭᠡᠨ ᠦᠵᠡᠭᠦᠯᠵᠦ ᠪᠣᠷᠣᠯᠠᠭᠤᠯᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠲᠣᠭᠤᠷᠢᠨ ᠦᠵᠡᠪᠡ᠃      ᠲᠣᠰ ᠲᠠᠪᠴᠠᠩ ᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢᠨ ᠳᠡᠮᠵᠢᠯᠭᠡ ᠳᠣᠣᠷ᠎ᠠ ᠪᠡᠯᠡᠳᠬᠡᠨ ᠪᠠᠶᠢᠭᠤᠯᠵᠤ᠂ ᠣᠲᠣ ᠨᠢᠭᠡᠨᠲᠡ 10 ᠭᠠᠷᠤᠢ ᠠᠵᠤ ᠠᠬᠤᠶᠢᠯᠠᠯ ᠣᠷᠣᠵᠤ ᠰᠠᠭᠤᠷᠢᠰᠢᠵᠠᠢ᠃ ᠠᠵᠤ ᠦᠢᠯᠡᠰ ᠤᠨ ᠬᠤᠯᠪᠣᠭ᠎ᠠ ᠶᠢᠨ ᠬᠢᠨ ᠣᠯᠠᠨ ᠨᠡᠶᠢᠲᠡ ᠶᠢᠨ ᠪᠣᠷᠤᠯᠠᠭᠤᠯᠭ᠎ᠠ ᠶᠢᠨ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠵᠠᠯᠠᠶᠢᠳ ᠬᠤᠰᠢᠭᠤᠨ ᠤ ᠪᠣᠬᠢᠷᠳᠤᠯ ᠦᠭᠡᠢ ᠪᠦᠲᠦᠭᠡᠭᠳᠡᠬᠦᠨ ᠤ ᠭᠠᠳᠠᠭᠰᠢ ᠭᠠᠷᠬᠤ ᠶᠢ ᠬᠥᠲᠥᠯᠥᠨ ᠵᠢᠯᠤᠭᠤᠳᠴᠤ᠂ ᠪᠦᠲᠦᠭᠡᠭᠳᠡᠬᠦᠨ ᠤ ᠠᠯᠳᠠᠷᠰᠢᠯ᠂ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠪᠡᠭᠡᠵᠢᠩ ᠦᠪᠤᠷ ᠮᠣᠩᠭᠤᠯ ᠤᠨ ᠬᠠᠮᠵᠢᠯᠴᠠᠭᠠᠨ ᠤ ᠠᠬᠢᠴᠠ ᠶᠢ ᠠᠬᠢᠭᠤᠯᠵᠠᠢ᠃ ᠡᠰᠢ ᠰᠦᠷᠡᠯ ᠤᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠠᠵᠤ ᠠᠬᠤᠶᠢᠯᠠᠯ ᠤᠨ ᠤᠬᠠᠭᠤᠯᠭ᠎ᠠ ᠶᠢᠨ ᠹᠢᠯᠢᠮ ᠢ ᠰᠣᠨᠢᠷᠬᠠᠵᠤ᠂ ︽ᠡᠰᠢ ᠰᠦᠷᠡᠯ ᠢ ᠦᠢᠯᠡᠳᠬᠦ︾ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠪᠦᠲᠦᠭᠡᠭᠳᠡᠬᠦᠨ ᠢ ᠪᠡᠶᠡᠴᠢᠯᠡᠨ ᠣᠶᠢᠯᠠᠭᠠᠬᠤ ᠳᠡᠯᠭᠡᠭᠦᠷ ᠢ ᠲᠣᠭᠤᠷᠢᠨ ᠦᠵᠡᠵᠦ᠂ ᠬᠤᠶᠠᠷ ᠲᠠᠯ᠎ᠠ ᠪᠠᠷ ᠢᠶᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰᠵᠢᠯᠲᠡ ᠶᠢᠨ ᠬᠥᠭᠵᠢᠯᠲᠡ ᠪᠣᠯᠣᠨ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠲᠤᠬᠠᠢ ᠶᠠᠷᠢᠯᠴᠠᠨ ᠰᠣᠯᠢᠯᠴᠠᠵᠤ᠂ ᠥᠪᠡᠷ ᠥᠪᠡᠷ ᠤᠨ ᠳᠠᠪᠠᠭᠤᠯᠢᠭ ᠢᠶᠠᠨ ᠲᠠᠨᠢᠯᠴᠠᠭᠤᠯᠵᠤ᠂ ᠮᠢᠬᠠᠨ ᠦᠬᠡᠷ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠡᠰᠢ ᠰᠦᠷᠡᠯ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ᠂ ᠡᠰᠢ ᠰᠦᠷᠡᠯ ᠤᠨ ᠪᠣᠷᠳᠤᠭ᠎ᠠ ᠵᠡᠷᠭᠡ ᠲᠠᠯ᠎ᠠ ᠪᠠᠷ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠣᠯᠵᠠᠢ᠃ ᠣᠶᠢᠷ᠎ᠠ ᠶᠢᠨ ᠬᠤᠭᠤᠴᠠᠭᠠᠨ ᠳᠤ᠂ ᠠᠵᠤ ᠠᠬᠤᠶᠢᠯᠠᠯ ᠮᠠᠨ ᠤ ᠬᠤᠰᠢᠭᠤᠨ ᠳᠤ ᠢᠷᠡᠵᠣ ᠰᠢᠨᠵᠢᠯᠡᠨ ᠪᠠᠶᠢᠴᠠᠭᠠᠵᠤ᠂ ᠲᠦᠷᠦᠯ ᠵᠦᠢᠯ ᠤᠨ ᠬᠠᠮᠲᠤᠷᠠᠯᠴᠠᠭᠠᠨ ᠤ ᠠᠬᠢᠴᠠ ᠶᠢ ᠲᠦᠷᠭᠡᠳᠬᠡᠨ ᠠᠬᠢᠭᠤᠯᠬᠤ ᠪᠣᠯᠣᠨ᠎ᠠ᠃ ᠪᠡᠭᠡᠵᠢᠩ ᠤᠨ ᠢᠦᠢ ᠭᠧᠦ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠤᠷᠢᠳᠴᠢᠯᠠᠨ ᠦᠢᠯᠡᠳᠦᠭᠰᠡᠨ ᠪᠧᠲ᠋ᠤᠨ ᠤ ᠢᠨᠵᠧᠨᠧᠷᠢᠩ ᠪᠣᠯᠣᠨ ᠦᠢᠯᠡᠳᠬᠦᠨ ᠤ ᠦᠵᠡᠭᠦᠯᠭᠡ ᠶᠢᠨ ᠲᠥᠪ ᠢᠶᠠᠷ ᠲᠣᠭᠤᠷᠢᠨ ᠦᠵᠡᠵᠦ᠂ ᠬᠤᠶᠠᠷ ᠲᠠᠯ᠎ᠠ ᠪᠠᠷ ᠢᠶᠠᠨ ᠤᠭᠰᠠᠷᠠᠮᠠᠯ ᠮᠠᠶ᠋ᠢᠭ ᠤᠨ ᠪᠠᠷᠢᠯᠭ᠎ᠠ᠂ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠠᠵᠤ ᠠᠬᠤᠶᠢᠯᠠᠯ ᠲᠠᠢ ᠰᠠᠨᠠᠯ ᠢᠶᠠᠨ ᠰᠣᠯᠢᠯᠴᠠᠪᠠ᠃   ᠣᠶᠢᠷ᠎ᠠ ᠶᠢᠨ ᠬᠤᠭᠤᠴᠠᠭᠠᠨ ᠳᠤ᠂ ᠠᠵᠤ ᠠᠬᠤᠶᠢᠯᠠᠯ ᠵᠠᠯᠠᠶᠢᠳ ᠬᠤᠰᠢᠭᠤᠨ ᠳᠤ ᠢᠷᠡᠵᠤ ᠰᠢᠨᠵᠢᠯᠡᠨ ᠪᠠᠶᠢᠴᠠᠭᠠᠵᠤ᠂ ᠪᠣᠳᠠᠲᠠᠢ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠢ ᠤᠯᠠᠮ ᠨᠢᠭᠡ ᠠᠯᠬᠤᠮ ᠵᠣᠯᠭᠠᠭᠤᠯᠬᠤ ᠪᠣᠯᠣᠨ᠎ᠠ᠃ ᠡᠨᠡ ᠬᠤᠭᠤᠴᠠᠭᠠᠨ ᠳᠤ᠂ ᠴᠢ ᠯᠢᠨ ᠪᠠᠰᠠ ᠾᠧᠪᠸᠢ ᠮᠤᠵᠢ ᠶᠢᠨ ᠯᠠᠩᠹᠠᠩ ᠬᠤᠳᠠ ᠶᠢᠨ ᠵᠢᠶᠠ ᠢ ᠬᠡᠪᠯᠡᠯ ᠤᠨ ᠬᠢᠵᠠᠭᠠᠷᠲᠤ ᠺᠣᠮᠫᠠᠨᠢ ᠪᠠᠷ ᠰᠢᠨᠵᠢᠯᠡᠨ ᠪᠠᠶᠢᠴᠠᠭᠠᠪᠠ᠃ ᠵᠠᠯᠠᠶᠢᠳ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠪᠣᠭᠤᠳᠠᠯ ᠪᠠᠭᠯᠠᠭ᠎ᠠ ᠶᠢᠨ ᠬᠤᠭᠤᠰᠤᠨ ᠢ ᠨᠥᠬᠦᠪᠦᠷᠢᠯᠡᠬᠦ ᠶᠢᠨ ᠲᠣᠭᠤᠷᠢᠨ ᠳᠤ ᠪᠤᠳᠤᠭᠲᠤ ᠬᠡᠪᠯᠡᠯ ᠤᠨ ᠪᠣᠭᠤᠳᠠᠯ ᠪᠠᠭᠯᠠᠭ᠎ᠠ ᠶᠢᠨ ᠦᠢᠯᠡᠳᠪᠦᠷᠢᠯᠡᠯ ᠤᠨ ᠲᠥᠷᠥᠯ ᠵᠦᠢᠯ ᠤᠨ ᠬᠠᠮᠲᠤᠷᠠᠯᠴᠠᠭᠠᠨ ᠤ ᠵᠦᠢᠯᠡᠰ ᠢ ᠵᠣᠯᠭᠠᠭᠤᠯᠤᠨ ᠠᠬᠢᠭᠤᠯᠵᠠᠢ᠃ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠮᠠᠨ ᠱᠦᠢ ᠯᠦᠩ᠂ ᠳᠡᠳ᠋ ᠭᠠᠵᠠᠷ ᠤᠨ ᠲᠠᠰ ᠤᠨ ᠺᠠᠳ᠋ᠷ ᠢᠦᠢ ᠴᠠᠩ ᠵᠢᠶᠠᠩ ᠵᠢᠴᠢ ᠬᠠᠮᠢᠶ᠎ᠠ ᠪᠦᠬᠦᠢ ᠬᠥᠮᠥᠰ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃      
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号