ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠯᠬᠦᠮ ᠳᠠᠭᠠᠭᠤᠯᠤᠨ ᠲᠢᠶᠠᠨᠵᠢᠨ ᠳᠤ ᠬᠦᠷᠴᠦ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠲᠥᠷᠥᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/2/15
     2 ᠰᠠᠷ᠎ᠠ ᠶᠢᠨ 11 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠯᠬᠦᠮ ᠳᠠᠭᠠᠭᠤᠯᠤᠨ ᠲᠢᠶᠠᠨᠵᠢᠨ ᠳᠤ ᠬᠦᠷᠴᠦ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠡᠯᠲᠡ ᠶᠢᠨ ᠲᠥᠷᠥᠯ ᠵᠦᠢᠯ ᠢ ᠰᠢᠨᠵᠢᠯᠡᠨ ᠪᠠᠶᠢᠴᠠᠭᠠᠵᠤ ᠵᠥᠪᠳᠡᠯᠴᠡᠪᠡ᠃ ᠲᠢᠶᠠᠨᠵᠢᠨ ᠤ ᠠᠲᠠᠷ ᠬᠠᠭᠠᠯᠪᠤᠷᠢᠯᠠᠯᠲᠠ ᠶᠢᠨ ᠪᠦᠸᠧᠬᠠᠢ ᠲᠠᠷᠢᠶᠠᠯᠠᠩ ᠤᠨ ᠪᠦᠯᠦᠭᠯᠡᠯ ᠤᠨ ᠳᠣᠣᠷᠠᠬᠢ ᠭᠤᠸᠠᠩ ᠶᠤᠸᠠᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠳᠤ ᠲᠠᠬᠢᠶ᠎ᠠ ᠲᠡᠵᠢᠭᠡᠨ ᠦᠷᠡᠵᠢᠭᠦᠯᠬᠦ ᠦᠢᠯᠡᠳᠪᠦᠷᠢ ᠶᠢᠨ ᠲᠠᠰᠤᠭ ᠢᠶᠠᠷ ᠲᠣᠭᠤᠷᠢᠨ ᠦᠵᠡᠵᠦ᠂ ᠺᠣᠮᠫᠠᠨᠢ ᠶᠢᠨ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠠᠦ᠋ᠲ᠋ᠣᠴᠢᠯᠠᠭᠰᠠᠨ᠂ ᠣᠳᠣᠬᠢᠴᠢᠯᠠᠭᠰᠠᠨ ᠲᠠᠬᠢᠶ᠎ᠠ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠢᠶᠠᠨᠵᠢᠨ ᠤ ᠵᠦᠩ ᠮᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠵᠠᠭᠠᠷᠲᠤ ᠺᠣᠮᠫᠠᠨᠢ ᠳᠤ᠂ ᠲᠦᠭᠦᠬᠡᠢ ᠮᠠᠲ᠋ᠧᠷᠢᠶᠠᠯ ᠤᠨ ᠨᠥᠭᠡᠴᠡ ᠪᠣᠯᠣᠨ ᠪᠦᠲᠦᠭᠡᠭᠳᠡᠬᠦᠨ ᠤ ᠬᠥᠮᠥᠷᠭᠡ ᠪᠠᠷ ᠲᠣᠭᠤᠷᠢᠵᠤ᠂ ᠣᠷᠭᠠᠨᠢᠭ ᠪᠣᠷᠳᠣᠭᠤᠷ ᠤᠨ ᠲᠦᠭᠦᠬᠡᠢ ᠮᠠᠲ᠋ᠧᠷᠢᠶᠠᠯ ᠪᠣᠯᠣᠨ ᠦᠢᠯᠡᠳᠪᠦᠷᠢᠯᠡᠯ ᠪᠣᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠠᠢ᠃ ᠬᠤᠶᠠᠷ ᠲᠠᠯ᠎ᠠ ᠪᠠᠷ ᠢᠶᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠦᠷᠦᠯ ᠵᠦᠢᠯ ᠤᠨ ᠬᠠᠮᠲᠤᠷᠠᠯᠴᠠᠭᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠰᠤᠯᠢᠯᠴᠠᠵᠠᠢ᠃ ᠠᠵᠤ ᠠᠬᠤᠶᠢᠯᠠᠯ ᠤᠨ ᠬᠢᠨ ᠣᠶᠢᠷ᠎ᠠ ᠶᠢᠨ ᠬᠤᠭᠤᠴᠠᠭᠠᠨ ᠳᠤ ᠵᠠᠯᠠᠶᠢᠳ ᠬᠤᠰᠢᠭᠤᠨ ᠳᠤ ᠢᠷᠡᠵᠤ ᠰᠢᠨᠵᠢᠯᠡᠨ ᠪᠠᠶᠢᠴᠠᠭᠠᠵᠤ᠂ ᠪᠣᠳᠠᠲᠠᠢ ᠬᠠᠮᠲᠤᠷᠠᠯᠴᠠᠭᠠᠨ ᠤ ᠤᠴᠢᠷ ᠶᠠᠪᠤᠳᠠᠯ ᠢ ᠤᠯᠠᠮ ᠨᠢᠭᠡ ᠠᠯᠬᠤᠮ ᠵᠣᠯᠭᠠᠭᠤᠯᠵᠤ᠂ ᠲᠥᠷᠥᠯ ᠵᠦᠢᠯ ᠤᠨ ᠬᠠᠮᠲᠤᠷᠠᠯᠴᠠᠭᠠᠨ ᠤ ᠠᠬᠢᠴᠠ ᠶᠢ ᠠᠬᠢᠭᠤᠯᠤᠨ᠎ᠠ ᠭᠡᠵᠡᠢ᠃ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ᠂ ᠳᠡᠳ᠋ ᠭᠠᠵᠠᠷ ᠤᠨ ᠲᠠᠰ ᠤᠨ ᠺᠠᠳ᠋ᠷ ᠢᠦᠢ ᠴᠠᠩ ᠵᠢᠶᠠᠩ ᠵᠢᠴᠢ ᠬᠠᠮᠢᠶ᠎ᠠ ᠪᠦᠬᠦᠢ ᠬᠥᠮᠥᠰ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃  
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号