ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠮᠦᠭᠳᠡᠨ ᠤ ᠹᠧᠩ ᠰᠢᠶᠠᠩ ᠪᠦᠯᠦᠭᠯᠡᠯ ᠲᠠᠢ ᠵᠤᠯᠭᠠᠯᠴᠠᠪᠠ
ᠨᠡᠶᠢᠲᠡᠯᠡᠭᠰᠡᠨ ᠴᠠᠭ᠄
2023/2/15
    2 ᠰᠠᠷ᠎ᠠ ᠶᠢᠨ 8 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠮᠦᠭᠳᠡᠨ ᠤ ᠹᠧᠩ ᠰᠢᠶᠠᠩ ᠪᠦᠯᠦᠭᠯᠡᠯ ᠲᠠᠢ ᠵᠣᠯᠭᠠᠯᠳᠤᠵᠤ᠂ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ ᠮᠦᠭᠳᠡᠨ ᠤ ᠹᠧᠩ ᠰᠢᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠦᠨ ᠹᠧᠩ ᠰᠢᠶᠠᠩ ᠬᠠᠮᠲᠤ ᠪᠠᠷ ᠵᠣᠯᠭᠠᠯᠳᠤᠬᠤ ᠬᠤᠷᠠᠯ ᠳᠤ ᠣᠷᠣᠯᠴᠠᠪᠠ᠃ ᠮᠦᠭᠳᠡᠨ ᠤ ᠹᠧᠩ ᠰᠢᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠦᠨ ᠹᠧᠩ ᠰᠢᠶᠠᠩ ᠨᠠᠷ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠧᠢ ᠹᠧᠩ ᠯᠢᠩ ᠭᠤᠯᠢᠷ ᠤᠨ ᠦᠢᠯᠡᠳᠪᠦᠷᠢ᠂ ᠴᠢᠶᠠᠨ ᠪᠠᠢ ᠸᠧᠢ ᠠᠮᠲᠠᠲᠤ ᠢᠳᠡᠭᠡᠨ ᠤ ᠬᠢᠵᠠᠭᠠᠷᠲᠤ ᠺᠣᠮᠫᠠᠨᠢ᠂ ᠳ᠋ᠢᠩ ᠴᠧᠩ ᠰᠤᠪᠤᠳ ᠡᠷᠳᠡᠨᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠠᠶᠢᠯᠢ ᠶᠢ ᠪᠠᠲᠤᠯᠠᠬᠤ ᠬᠥᠮᠥᠷᠭᠡ ᠶᠢᠨ ᠲᠦᠷᠦᠯ ᠵᠦᠢᠯ ᠤᠨ ᠠᠮᠲᠠᠲᠦ ᠢᠳᠡᠭᠡᠨ ᠤ ᠬᠢᠵᠠᠭᠠᠷᠲᠤ ᠺᠣᠮᠫᠠᠨᠢ᠂ ᠶᠢᠨ ᠹᠠ ᠢᠳᠡᠭᠡᠨ ᠤ ᠬᠦᠷᠢᠶᠡᠯᠡᠩ ᠲᠣᠭᠤᠷᠢᠭ᠂ ᠵᠢᠩ ᠴᠢᠤᠸᠠᠨ ᠡᠮ ᠤᠨ ᠦᠢᠯᠡᠰ᠂ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠡᠰᠡᠭ ᠲᠤᠭᠠᠨ ᠤ ᠲᠦᠷᠦᠯ ᠵᠦᠢᠯ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃    ᠵᠣᠯᠭᠠᠭᠤᠯᠬᠤ ᠬᠤᠷᠠᠯ ᠳᠡᠭᠡᠷ᠎ᠡ᠂ ᠰᠦᠨ ᠱᠤ᠋ ᠲᠤᠤ ᠮᠦᠭᠳᠡᠨ ᠤ ᠰᠦᠨ ᠹᠧᠩ ᠰᠢᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠰᠦᠨ ᠹᠥᠩ ᠰᠢᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠹᠧᠩ ᠰᠢᠶᠠᠩ ᠪᠦᠯᠦᠭᠯᠡᠯ ᠪᠣᠯ 2023 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠯ ᠤᠨ ᠡᠬᠢᠯᠡᠯᠲᠡ ᠶᠢᠨ ᠲᠠᠰᠢᠷᠠᠮ ᠢᠶᠠᠷ ᠤᠭᠲᠤᠨ ᠠᠪᠤᠭᠰᠠᠨ ᠠᠩᠬᠠᠳᠠᠭᠴᠢ ᠠᠵᠤ ᠠᠬᠤᠶᠢᠯᠠᠯ ᠪᠣᠯᠣᠨ᠎ᠠ᠂ ᠮᠦᠨ ᠴᠣ᠋ 2023 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠤᠭ ᠤᠨ ᠴᠢᠬᠤᠯᠠ ᠪᠥᠭᠡᠳ ᠬᠠᠮᠤᠭ ᠤᠨ ᠭᠤᠤᠯᠴᠢᠯᠠᠨ ᠦᠵᠡᠳᠡᠭ ᠠᠵᠤ ᠠᠬᠤᠶᠢᠯᠠᠯ ᠤᠨ ᠨᠢᠭᠡ ᠪᠣᠯᠣᠨ᠎ᠠ᠂ ᠡᠨᠡ ᠤᠳᠠᠭ᠎ᠠ ᠶᠢᠨ ᠵᠣᠯᠭᠠᠯᠴᠠᠭ᠎ᠠ ᠪᠠᠷ ᠳᠠᠮᠵᠢᠨ ᠪᠦᠬᠦ ᠬᠤᠰᠢᠭᠤᠨ ᠤ 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠪᠠᠶᠢᠳᠠᠯ ᠢ ᠯᠠᠪᠲᠠᠢ ᠨᠡᠭᠡᠭᠡᠵᠦ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ ᠭᠦᠨ ᠳᠠᠪᠬᠤᠷᠭ᠎ᠠ ᠶᠢᠨ ᠵᠣᠯᠭᠠᠯᠴᠠᠭ᠎ᠠ ᠪᠠᠷ ᠳᠠᠮᠵᠢᠭᠤᠯᠤᠨ᠂ ᠪᠦᠳᠦᠭᠦᠪᠴᠢ ᠲᠥᠰᠥᠪ ᠤᠨ ᠪᠠᠶᠢᠯᠳᠤᠬᠤ ᠪᠣᠳᠣᠯᠭ᠎ᠠ ᠶᠢᠨ ᠮᠥᠨ ᠴᠢᠨᠠᠷ ᠤᠨ ᠬᠠᠮᠲᠤᠷᠠᠯᠴᠠᠭ᠎ᠠ ᠶᠢ ᠲᠦᠷᠭᠡᠬᠡᠨ ᠲᠣᠬᠢᠷᠠᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠠᠰᠢᠭ ᠣᠯᠵᠠᠪᠤᠷᠢ᠂ ᠣᠷᠣᠨ ᠨᠤᠲᠤᠭ ᠤᠨ ᠠᠵᠤ ᠠᠬᠤᠢ ᠶᠢᠨ ᠪᠤᠵᠠᠭᠠᠶᠢᠷᠠᠯ ᠪᠠ ᠲᠤᠬᠠᠢ ᠶᠢᠨ ᠭᠠᠵᠠᠷ ᠤᠨ ᠠᠷᠠᠳ ᠤᠯᠠᠨ ᠤ ᠣᠷᠣᠯᠭ᠎ᠠ ᠶᠢᠨ ᠨᠡᠮᠡᠭᠳᠡᠯ ᠤᠨ ᠭᠤᠷᠪᠠᠨ ᠲᠠᠯ᠎ᠠ ᠶᠢᠨ ᠠᠰᠢᠭ ᠬᠦᠷᠳᠡᠬᠦ ᠪᠠᠶᠢᠳᠠᠯ ᠢ ᠡᠷᠲᠡᠬᠡᠨ ᠬᠠᠮᠲᠤᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢᠶᠠᠨ ᠪᠥᠬᠦ ᠲᠠᠯ᠎ᠠ ᠪᠠᠷ ᠰᠢᠯᠢᠳᠡᠭᠵᠢᠭᠦᠯᠵᠦ᠂ ᠠᠵᠤ ᠠᠬᠤᠶᠢᠯᠠᠯ ᠳᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃    ᠬᠤᠷᠠᠯ ᠳᠡᠭᠡᠷ᠎ᠡ᠂ ᠰᠦᠨ ᠹᠧᠩ ᠰᠢᠶᠠᠩ ᠹᠥᠩ ᠰᠢᠶᠠᠩ ᠪᠦᠯᠦᠭᠯᠡᠯ ᠤᠨ ᠲᠦᠢᠮᠣ ᠪᠠᠶᠢᠳᠠᠯ ᠪᠣᠯᠣᠨ ᠡᠮᠦᠨᠡᠬᠢ ᠬᠤᠭᠤᠴᠠᠭᠠᠨ ᠤ ᠰᠢᠨᠵᠢᠯᠡᠨ ᠪᠠᠶᠢᠴᠠᠭᠠᠭᠰᠠᠨ ᠪᠠᠶᠢᠳᠠᠯ ᠤᠨ ᠲᠣᠭᠤᠷᠢᠨ ᠳᠤ ᠲᠠᠨᠢᠯᠴᠠᠭᠤᠯᠤᠭᠰᠠᠨ ᠤ ᠬᠠᠮᠲᠤ ᠲᠤᠰ ᠤᠳᠠᠭ᠎ᠠ ᠶᠢᠨ ᠵᠠᠰᠠᠭ ᠠᠵᠤ ᠠᠬᠤᠶᠢᠯᠠᠯ ᠤᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠰᠦᠨ ᠹᠧᠩ ᠰᠢᠶᠠᠩ ᠬᠡᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠳᠠᠭ᠂ ᠹᠧᠩ ᠰᠢᠶᠠᠩ ᠪᠦᠯᠦᠭᠯᠡᠯ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠬᠡᠷᠡᠭᠴᠡᠭᠡ ᠶᠢ ᠨᠢᠭᠲᠠ ᠵᠣᠯᠭᠠᠭᠤᠯᠤᠨ᠂ ᠨᠤᠲᠠᠯᠠᠯᠲᠠ ᠶᠢᠨ ᠵᠦᠢᠯᠡᠰ ᠢ ᠢᠳᠡᠪᠬᠢᠲᠡᠢ ᠲᠥᠯᠥᠪᠯᠡᠵᠦ᠂ ᠬᠤᠶᠠᠷ ᠲᠠᠯ᠎ᠠ ᠶᠢᠨ ᠣᠯᠠᠨ ᠲᠠᠰ ᠳᠠᠪᠬᠤᠷᠭ᠎ᠠ᠂ ᠣᠯᠠᠨ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠬᠦ ᠶᠢ ᠲᠦᠯᠬᠢᠨ ᠠᠬᠢᠭᠤᠯᠵᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃ ᠣᠶᠢᠯᠠᠭᠠᠭᠰᠠᠨ ᠢᠶᠠᠷ᠂ ᠮᠦᠭᠲᠡᠨ ᠤ ᠹᠧᠩ ᠰᠢᠶᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠢ ᠦᠢᠯᠡᠳᠪᠦᠷᠢᠯᠡᠵᠦ ᠰᠤᠳᠤᠯᠤᠨ ᠨᠡᠭᠡᠭᠡᠬᠦ ᠢᠨᠵᠧᠨᠧᠷᠢᠩ ᠢ ᠳᠠᠭᠠᠭᠠᠴᠢᠯᠠᠨ ᠪᠠᠶᠢᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠵᠡᠷᠭᠡ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠺᠣᠮᠫᠠᠨᠢ ᠶᠢᠨ ᠪᠦᠯᠦᠭᠯᠡᠯ ᠪᠣᠯᠣᠨ᠎ᠠ᠃ ᠡᠮᠦᠨᠡᠬᠢ ᠬᠤᠭᠤᠴᠠᠭᠠᠨ ᠤ ᠤᠯᠠᠨ ᠲᠡᠰ ᠳᠠᠪᠬᠤᠷᠭ᠎ᠠ ᠶᠢᠨ ᠪᠠᠶᠢᠴᠠᠭᠠᠨ ᠰᠤᠳᠤᠯᠤᠯᠲᠠ ᠪᠠᠷ ᠲᠠᠮᠵᠢᠨ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠠᠯᠬᠢᠨ ᠬᠦᠴᠦᠨ ᠤ ᠴᠠᠬᠢᠯᠭᠠᠨ ᠤ ᠰᠢᠨ᠎ᠡ ᠡᠨᠧᠷᠭᠢ᠂ ᠭᠡᠷ ᠭᠠᠵᠠᠷ ᠤᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ᠂ ᠪᠣᠬᠢᠷᠳᠤᠯ ᠦᠭᠡᠢ ᠢᠳᠡᠭᠡᠨ ᠤ ᠡᠳ᠋ᠰᠢᠭᠦᠯᠦᠯᠲᠡ᠂ ᠡᠷᠪᠡᠬᠡᠢ ᠴᠠᠬᠢᠷᠮ᠎ᠠ ᠴᠡᠴᠡᠭ ᠲᠡᠵᠢᠭᠡᠨ ᠦᠷᠡᠵᠢᠭᠦᠯᠬᠦ ᠵᠢᠴᠢ ᠤᠷᠤᠰ ᠯᠤᠭ᠎ᠠ ᠶᠢᠨ ᠠᠷᠠᠯᠵᠢᠶ᠎ᠠ ᠵᠡᠷᠭᠡ ᠤᠯᠠᠨ ᠬᠦᠷᠢᠶᠡᠨ ᠤ ᠲᠣᠭᠤᠷᠢᠨ ᠳᠤ ᠭᠦᠨᠵᠡᠭᠡᠢ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠪᠠ᠃ ᠵᠣᠯᠭᠠᠭᠤᠯᠬᠤ ᠪᠠᠷ ᠳᠠᠮᠵᠢᠨ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ ᠪᠠᠶᠢᠵᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤᠷᠠᠯᠴᠠᠬᠤ ᠳᠤ ᠬᠦᠷᠪᠡᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠳᠤ ᠰᠢᠨ᠎ᠡ ᠡᠭᠦᠷᠭᠡ ᠣᠯᠭᠤᠵᠤ᠂ ᠰᠢᠨ᠎ᠡ ᠠᠵᠠ ᠲᠣᠬᠢᠶᠠᠯ ᠬᠠᠩᠭᠠᠬᠤ ᠨᠢ ᠯᠠᠪᠲᠠᠢ ᠶᠤᠮ᠃  
 
ᠢᠷᠡᠯᠲᠡ᠄ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号