ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠠᠵᠢᠯ ᠤᠨ ᠬᠤᠷᠳᠤᠴᠠ  ᠪᠠᠨ ᠲᠦᠷᠭᠡᠳᠭᠡᠪᠡ
ᠨᠡᠶᠢᠲᠡᠯᠡᠭᠰᠡᠨ ᠴᠠᠭ᠄
2023/2/15
   2 ᠰᠠᠷ᠎ᠠ ᠶᠢᠨ 8 ᠤ ᠡᠳᠦᠷ᠂ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠶᠢᠨ ᠹᠧᠩ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠲᠠᠰᠤᠭ ᠲᠤ᠂ ᠡᠳ᠋ ᠪᠣᠳᠠᠰ ᠵᠥᠭᠡᠭᠡᠪᠦᠷᠢᠯᠡᠵᠦ ᠪᠠᠶᠢᠭ᠎ᠠ ᠲᠡᠷᠭᠡ ᠬᠥᠰᠬᠡ ᠶᠠᠭᠠᠷᠠᠯᠲᠠᠢ ᠠᠵᠢᠯᠯᠠᠵᠤ᠂ 150 ᠭᠠᠷᠤᠢ ᠠᠵᠢᠯᠴᠢᠨ ᠰᠡᠳᠬᠢᠯ ᠰᠠᠨᠠᠭ᠎ᠠ ᠪᠠᠨ ᠣᠯᠣᠯᠴᠠᠵᠤ᠂ ᠰᠠᠯᠬᠢᠨ ᠬᠦᠴᠦᠨ ᠤ ᠮᠠᠰᠢᠨ ᠤᠭᠰᠠᠷᠠᠬᠤ ᠠᠵᠢᠯ ᠢ ᠬᠢᠵᠦ ᠪᠠᠶᠢᠨ᠎ᠠ᠃ ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠶᠢᠨ  ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠬᠢᠨ ᠬᠦᠴᠦᠨ ᠤ ᠮᠠᠰᠢᠨ ᠤ ᠭᠤᠤᠯ ᠮᠠᠰᠢᠨ ᠤ ᠲᠥᠷᠥᠯ ᠵᠦᠢᠯ ᠳᠤ ᠨᠡᠶᠢᠲᠡ 1.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 2020 ᠣᠨ ᠤ 7 ᠰᠠᠷ᠎ᠠ ᠳᠤ ᠠᠰᠢᠭᠯᠠᠯᠲᠠ ᠳᠤ ᠤᠷᠤᠭᠰᠠᠨ ᠠᠴᠠ ᠨᠠᠰᠢ ᠨᠢᠭᠡᠨᠲᠡ 800 ᠭᠠᠷᠤᠶ ᠰᠠᠯᠬᠢᠨ ᠬᠦᠴᠦᠨ ᠤ ᠮᠠᠰᠢᠨ  ᠦᠢᠯᠡᠳᠪᠦᠷᠢᠯᠡᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号