ᠬᠤᠯᠪᠤᠭ᠎ᠠ ᠪᠠᠯᠭᠠᠰᠤ ᠬᠠᠪᠤᠷ ᠤᠨ ᠲᠠᠷᠢᠶᠠᠯᠠᠭ᠎ᠠ ᠶᠢᠨ ᠠᠵᠢᠯ ᠢᠶᠠᠨ ᠰᠠᠶᠢᠳᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2023/2/15
   2 ᠰᠠᠷ᠎ᠠ ᠶᠢᠨ 3 ᠤ ᠡᠳᠦᠷ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠦ᠋ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠳᠤ᠂ ᠬᠤᠷᠰᠢᠶ᠎ᠠ ᠶᠢᠨ ᠬᠠᠷᠢᠭᠤᠴᠠᠯᠭᠠᠲᠠᠨ ᠳ᠋ᠦ᠋ ᠭᠠᠩ ᠪᠣᠯᠣᠨ ᠲᠣᠰᠬᠤᠨ ᠤ ᠠᠷᠠᠳ ᠵᠣᠣ ᠮᠢᠩ ᠲᠠᠷᠢᠶᠠᠯᠠᠩ ᠤᠨ ᠮᠠᠰᠢᠨ ᠤ ᠮᠡᠷᠭᠡᠵᠢᠯᠲᠡᠨ ᠤ ᠵᠢᠯᠣᠭᠤᠳᠤᠯᠭ᠎ᠠ ᠳᠣᠣᠷ᠎ᠠ᠂ ᠦᠷ᠎ᠡ ᠰᠠᠴᠤᠬᠤ ᠮᠠᠰᠢᠨ ᠵᠡᠷᠭᠡ ᠮᠠᠰᠢᠨ ᠲᠥᠬᠦᠭᠡᠷᠦᠮᠵᠢ ᠶᠢ ᠰᠡᠯᠪᠢᠨ ᠵᠠᠰᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠬᠢᠵᠤ ᠪᠠᠶᠢᠯ᠎ᠠ᠃    ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠳᠠᠯ ᠦᠭᠡᠢ ᠶᠠᠪᠤᠭᠳᠠᠬᠤ ᠪᠣᠯᠣᠨ᠎ᠠ᠃ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ ᠶᠢᠨ ᠬᠢᠨ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠡᠬᠢᠯᠡᠭᠦᠯᠵᠦ᠂ ᠲᠠᠷᠢᠶᠠᠯᠠᠩ ᠤᠨ ᠮᠠᠰᠢᠨ ᠤ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠠᠷᠢᠶᠠᠴᠢᠨ ᠡᠷᠦᠬᠡ᠂ ᠲᠠᠷᠢᠶᠠᠨ ᠭᠠᠵᠠᠷ ᠢᠶᠠᠷ ᠭᠦᠨᠵᠡᠭᠡᠶᠢᠷᠡᠭᠦᠯᠦᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠮᠠᠰᠢᠨᠴᠢᠯᠠᠯᠲᠠ ᠶᠢᠨ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠢ ᠰᠠᠶᠢᠳᠤᠷ ᠬᠢᠵᠤ᠂ ᠣᠳᠣᠬᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠠᠶᠢᠳᠠᠯ ᠢ ᠴᠠᠭ ᠲᠤᠬᠠᠢ ᠳᠤᠨᠢ ᠡᠵᠡᠮᠰᠢᠨ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠤᠨ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠳᠤ ᠰᠠᠭᠤᠷᠢ ᠶᠢ ᠲᠠᠯᠪᠢᠵᠠᠢ᠃ ᠳ᠋ᠦ᠋ ᠭᠠᠩ ᠂ ᠦ᠋ ᠳ᠋ᠣᠣ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠨ ᠤ ᠲᠠᠷᠢᠶᠠᠯᠠᠩ ᠤᠨ ᠮᠠᠰᠢᠨ ᠲᠠᠷᠢᠶᠠᠯᠠᠩ ᠤᠨ ᠠᠵᠢᠯ ᠲᠦᠷᠦᠯ ᠢ ᠡᠷᠬᠢᠯᠡᠭᠡᠳ ᠨᠢᠭᠡᠨᠲᠡ 12 ᠵᠢᠯ ᠪᠣᠯᠪᠠ᠂ ᠣᠶᠢᠷ᠎ᠠ ᠶᠢᠨ ᠬᠤᠭᠤᠴᠠᠭᠠᠨ ᠳᠤ ᠬᠤᠷᠰᠢᠶ᠎ᠠ ᠶᠢᠨ ᠬᠡᠳᠦᠨ ᠰᠠᠭᠤᠷᠢ ᠲᠠᠷᠢᠶᠠᠯᠠᠩ ᠤᠨ ᠪᠠᠭᠠᠵᠢ ᠬᠡᠷᠡᠭᠰᠡᠯ ᠨᠢ ᠠᠳᠠᠯᠢ ᠪᠤᠰᠤ ᠬᠡᠮᠵᠢᠶ᠎ᠡ ᠪᠠᠷ ᠡᠪᠳᠡᠷᠡᠵᠡᠢ᠃ ᠲᠡᠷᠡᠪᠡᠷ ᠶᠠᠭ ᠵᠣᠪᠠᠵᠤ ᠪᠠᠶᠢᠬᠤ ᠦᠶ᠎ᠡ ᠳᠤ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠠᠵᠢᠯᠲᠠᠳ ᠰᠡᠯᠪᠢᠨ ᠵᠠᠰᠠᠬᠤ ᠮᠡᠷᠭᠡᠵᠢᠯ ᠤᠨ ᠵᠢᠯᠣᠭᠤᠳᠤᠯᠭ᠎ᠠ ᠶᠢ ᠴᠠᠭ ᠲᠤᠬᠠᠢ ᠳᠤᠨᠢ ᠬᠠᠩᠭᠠᠵᠠᠢ᠃ ︽ᠮᠡᠷᠭᠡᠵᠢᠯᠲᠡᠨ ᠠᠴᠠ ᠪᠢᠳᠡᠨ ᠢ ᠵᠢᠯᠣᠭᠤᠳᠤᠨ ᠲᠠᠷᠢᠶᠠᠯᠠᠩ ᠤᠨ ᠮᠠᠰᠢᠨ ᠪᠠᠭᠠᠵᠢ ᠶᠢ ᠲᠣᠬᠢᠷᠠᠭᠤᠯᠤᠨ ᠲᠤᠷᠰᠢᠵᠤ ᠪᠠᠶᠢᠴᠠᠭᠠᠨ ᠵᠠᠰᠠᠵᠤ ᠦᠭᠭᠦᠭᠰᠡᠨ ᠳᠤ ᠶᠡᠭᠡ ᠲᠠᠯᠠᠷᠬᠠᠵᠤ ᠪᠠᠶᠢᠨ᠎ᠠ︾ ᠭᠡᠵᠤ ᠳ᠋ᠦ᠋ ᠭᠠᠩ ᠰᠤᠷᠪᠤᠯᠵᠢᠯᠠᠭᠴᠢ ᠳᠤ ᠬᠡᠯᠡᠪᠡ ᠃ ᠬᠤᠯᠪᠤᠭ᠎ᠠ ᠪᠠᠯᠭᠠᠰᠤ ᠶᠢᠨ ᠬᠢᠨ ᠡᠪᠦᠯ ᠤᠨ ᠰᠡᠯᠡᠭᠦᠦ ᠴᠠᠭ ᠪᠠ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠠᠰᠢᠭᠲᠠᠢ ᠲᠣᠬᠢᠶᠠᠯ ᠢ ᠠᠮᠵᠢᠵᠤ᠂ ᠲᠠᠷᠢᠶᠠᠯᠠᠩ ᠤᠨ ᠮᠠᠰᠢᠨ ᠢ ᠰᠡᠯᠪᠢᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠤ ᠪᠠᠶᠢᠨ᠎ᠠ᠃ ᠪᠥᠬᠦ ᠪᠠᠯᠭᠠᠰᠤ ᠪᠠᠷ ᠢᠶᠠᠨ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢ 1600 ᠭᠠᠷᠤᠢ ᠪᠠᠶᠢᠴᠠᠭᠠᠨ ᠵᠠᠰᠠᠬᠤ ᠪᠠᠷ ᠲᠥᠯᠥᠪᠯᠡᠵᠦ ᠪᠣᠶ᠂ ᠣᠳᠣᠬᠠᠨ ᠳᠤ ᠨᠢᠭᠡᠨᠲᠡ 400 ᠮᠠᠰᠢᠨ ᠲᠦᠭᠦᠭᠡᠷᠤᠮᠵᠢ ᠭᠠᠷᠤᠢ ᠪᠠᠶᠢᠴᠠᠭᠠᠨ ᠵᠠᠰᠠᠵᠤ ᠳᠠᠭᠤᠰᠬᠠᠵᠤ᠂ ᠵᠢᠱᠢᠯᠲᠡ ᠪᠠᠷ 4 ᠰᠠᠷ᠎ᠠ ᠶᠢᠨ ᠡᠬᠢ ᠪᠠᠷ ᠪᠦᠬᠦᠨ ᠢ ᠪᠠᠶᠢᠴᠠᠭᠠᠨ ᠵᠠᠰᠠᠵᠤ ᠳᠠᠭᠤᠰᠬᠠᠨ᠎ᠠ᠃  
 
ᠢᠷᠡᠯᠲᠡ᠄ ᠬᠢᠩᠭᠠᠨ ᠤ ᠭᠡᠷ ᠤᠷᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号