2 ᠰᠠᠷ᠎ᠠ ᠶᠢᠨ 10 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠢᠶᠣᠣ ᠢᠦᠢ ᠲᠠᠢ ᠳᠠᠬᠢ | ᠲᠥᠷᠦ ᠶᠢᠨ ᠵᠣᠴᠢᠳ ᠤᠨ ᠪᠠᠭᠤᠳᠠᠯ ᠳᠤ ᠺᠠᠮᠪᠤᠵᠠ ᠶᠢᠨ ᠲᠡᠷᠢᠭᠦᠨ ᠰᠠᠶᠢᠳ ᠬᠤᠩᠰᠧᠨ ᠲᠠᠢ ᠠᠭᠤᠯᠵᠠᠪᠠ᠃ | | ᠰᠢ ᠶᠢᠨ ᠫᠢᠩ᠂ 3 ᠵᠢᠯ ᠤᠨ ᠡᠮᠦᠨ᠎ᠡ᠂ ᠲᠡᠷᠢᠭᠦᠨ ᠰᠠᠶᠢᠳ ᠠᠪᠤᠭᠠᠢ ᠰᠠᠯᠬᠢ ᠰᠢᠭᠤᠷᠭᠠᠨ ᠢ ᠰᠥᠷᠦᠨ | ᠳᠤᠮᠳᠠᠳᠤ ᠤᠯᠤᠰ ᠲᠤ ᠠᠶᠢᠯᠴᠢᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ | ᠪᠠᠶᠢᠭ᠎ᠠ ᠳᠤᠮᠳᠠᠳᠤ ᠤᠯᠤᠰ ᠤᠨ ᠠᠷᠠᠳ ᠲᠦᠮᠡᠨ ᠲᠠᠢ ᠡᠷᠡᠰ ᠪᠠᠲᠤ ᠬᠠᠮᠲᠤ ᠵᠣᠭᠰᠣᠵᠠᠢ᠃ ᠡᠨᠡ ᠵᠢᠯ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠤᠯᠬᠤ ᠪᠥᠭᠡᠳ ᠳᠤᠮᠳᠠᠳᠤ ᠺᠠᠮᠪᠤᠵᠠ ᠶᠢᠨ | ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠣᠯᠣᠨ᠎ᠠ᠃ ᠪᠢ ᠲᠠᠨ ᠲᠠᠢ ︽ᠭᠤᠷᠪᠠᠨ ᠵᠢᠯ ᠤᠨ ᠪᠣᠯᠵᠤᠭ᠎ᠠ︾ | ᠪᠠᠨ ᠪᠡᠶᠡᠯᠡᠭᠦᠯᠵᠦ᠂ ᠴᠠᠭᠠᠨ ᠰᠠᠷ᠎ᠠ ᠶᠢᠨ ᠲᠠᠰᠢᠷᠠᠮ ᠢᠶᠠᠷ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠬᠠᠮᠲᠤ ᠪᠠᠷ ᠡᠬᠢᠯᠡᠭᠦᠯᠦᠭᠰᠡᠨ ᠳᠡᠭᠡᠨ ᠮᠠᠰᠢ ᠪᠠᠶᠠᠷ ᠲᠠᠢ | ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠺᠠᠮᠪᠤᠵᠠ ᠶᠢᠨ ᠠᠷᠠᠳ ᠲᠦᠮᠡᠨ ᠤ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠰᠣᠩᠭᠤᠬᠤ ᠶᠢ ᠡᠷᠡᠰ ᠲᠡᠮᠵᠢᠵᠥ᠂ ᠺᠠᠮᠪᠤᠵᠠ ᠶᠢᠨ ᠤᠯᠤᠰ ᠤᠨ ᠡᠷᠬᠡ | ᠮᠡᠳᠡᠯ ᠪᠣᠯᠣᠨ ᠠᠮᠤᠷ ᠲᠦᠪᠰᠢᠨ ᠢᠶᠠᠨ ᠬᠠᠮᠠᠭᠠᠯᠠᠬᠤ ᠶᠢ ᠡᠷᠡᠰ ᠲᠡᠮᠵᠢᠵᠥ᠂ ᠺᠠᠮᠪᠤᠵᠠ ᠶᠢᠨ ᠤᠯᠤᠰ ᠤᠨ | ᠳᠣᠲᠣᠭᠠᠳᠤ ᠶᠢᠨ ᠴᠢᠬᠤᠯᠠ ᠶᠡᠭᠡ ᠤᠯᠤᠰ ᠲᠦᠷᠤ ᠶᠢᠨ ᠵᠥᠪᠯᠡᠭᠦ ᠵᠦᠢᠯ ᠪᠣᠯᠣᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠲᠣᠭᠲᠠᠭᠤᠨ ᠢᠶᠠᠷ ᠠᠬᠢᠭᠤᠯᠬᠤ ᠶᠢ ᠡᠷᠡᠰ ᠲᠡᠮᠵᠢᠵᠥ᠂ ᠭᠠᠳᠠᠭᠠᠳᠤ ᠶᠢᠨ ᠬᠦᠴᠦᠨ ᠤ | ᠺᠠᠮᠪᠤᠵᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠳᠤᠮᠳᠠᠳᠤ ᠤᠯᠤᠰ | ᠺᠠᠮᠪᠤᠵᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠭᠤᠣᠯᠳᠠᠯᠭ᠎ᠠ ᠲᠠᠢ ᠴᠢᠭᠯᠡᠯ ᠪᠤᠯᠭᠠᠵᠤ᠂ | ᠢᠮᠠᠭᠲᠠ ᠪᠦᠭᠦ ᠲᠠᠯ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠺᠠᠮᠪᠤᠵᠠ ᠶᠢᠨ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠶᠢ ᠲᠥᠯᠥᠪᠵᠢᠭᠦᠯᠦᠨ ᠠᠬᠢᠭᠤᠯᠵᠤ᠂ ᠳᠤᠷᠠᠲᠠᠶ᠎ᠠ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠠᠪᠤᠴᠠ ᠳᠤ᠂ ᠺᠠᠮᠪᠤᠵᠠ ᠯᠤᠭ᠎ᠠ ᠠᠵᠠ ᠲᠣᠭᠢᠶᠠᠯ ᠢ ᠬᠠᠮᠲᠤ ᠪᠠᠷ ᠡᠳ᠋ᠯᠡᠵᠦ᠂ | ᠬᠠᠮᠲᠤᠷᠠᠯᠴᠠᠭ᠎ᠠ ᠶᠢ ᠬᠠᠮᠲᠤ ᠪᠠᠷ ᠰᠦᠪᠡᠭᠴᠢᠯᠡᠵᠦ᠂ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠴᠢᠨᠠᠷ ᠰᠠᠶᠢᠲᠠᠢ᠂ | ᠥᠨᠳᠥᠷ ᠲᠦᠪᠰᠢᠨ ᠪᠦᠬᠦᠢ᠂ ᠥᠨᠳᠥᠷ ᠪᠠᠷᠢᠮᠵᠢᠶ᠎ᠠ ᠲᠠᠢ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ | ᠨᠡᠩ ᠤᠯᠠᠨ ᠪᠤᠶᠠᠨ ᠦᠢᠯᠡᠳᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠬᠥᠭᠵᠢᠯᠲᠡ ᠳᠤ ᠨᠡᠩ | ᠤᠯᠠᠨ ᠢᠳᠡᠪᠬᠢ ᠬᠦᠴᠦᠨ ᠨᠡᠮᠡᠷᠢᠯᠡᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠤᠯᠤᠰ ᠲᠦᠷᠦ᠂ ᠦᠢᠯᠡᠳᠪᠦᠷᠢᠯᠡᠯ ᠤᠨ ᠴᠢᠳᠠᠪᠤᠷᠢ᠂ ᠬᠥᠳᠡᠭᠡ | ᠠᠵᠤ ᠠᠬᠤᠢ᠂ ᠡᠨᠧᠷᠭᠢ᠂ ᠠᠮᠤᠷ ᠲᠦᠪᠰᠢᠨ᠂ ᠰᠣᠶᠣᠯ ᠢᠷᠭᠡᠨᠰᠢᠯ ᠵᠡᠷᠭᠡ ᠵᠢᠷᠭᠤᠭᠠᠨ ᠶᠡᠭᠡ ᠬᠦᠷᠢᠶᠡᠨ ᠠᠴᠠ | ᠭᠠᠷᠳᠠᠵᠤ᠂ ᠳᠤᠮᠳᠠᠳᠤ ᠺᠠᠮᠪᠤᠵᠠ ᠶᠢᠨ ︽ᠠᠯᠮᠠᠰ ᠴᠢᠯᠠᠭᠤ ᠶᠢᠨ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ | ᠪᠦᠲᠦᠴᠡ ᠶᠢ ᠬᠦᠴᠦᠯᠡᠨ ᠪᠠᠶᠢᠭᠤᠯᠵᠤ ᠪᠣᠯᠣᠨ᠎ᠠ᠃ ᠤᠯᠤᠰ ᠲᠦᠷᠦ ᠶᠢᠨ ᠲᠠᠯ᠎ᠠ ᠪᠠᠷ᠂ ᠪᠠᠶᠢᠯᠳᠤᠬᠤ ᠪᠣᠳᠣᠯᠭ᠎ᠠ ᠶᠢᠨ | ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠰᠡᠨ ᠲᠤᠷᠰᠢᠯᠭ᠎ᠠ ᠶᠢᠨ | ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ ᠠᠷᠭ᠎ᠠ ᠵᠠᠮ ᠤᠨ ᠶᠠᠪᠤᠯᠴᠠᠭ᠎ᠠ ᠪᠠᠨ ᠭᠦᠨᠵᠡᠭᠡᠶᠢᠷᠡᠭᠦᠯᠦᠶ᠎ᠡ᠃ | ᠦᠢᠯᠡᠳᠪᠦᠷᠢᠯᠡᠯ ᠤᠨ ᠴᠢᠳᠠᠪᠤᠷᠢ ᠶᠢᠨ ᠲᠠᠯ᠎ᠠ ᠪᠠᠷ᠂ ︽ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠢ | ᠭᠤᠣᠯᠳᠠᠯᠭ᠎ᠠ ᠲᠠᠢ ᠪᠠᠶᠢᠭᠤᠯᠤᠶ᠎ᠠ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ | ᠺᠠᠮᠪᠤᠵᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠵᠤ᠂ | ᠰᠢᠬᠠᠨᠦ᠋ᠺᠧ ᠮᠤᠵᠢ ᠶᠢᠨ ᠤᠯᠠᠨ ᠴᠢᠳᠠᠮᠵᠢᠲᠤ ᠠᠵᠤ ᠠᠬᠤᠢ ᠶᠢᠨ ᠵᠢᠱᠢᠶ᠎ᠡ ᠦᠵᠡᠭᠦᠯᠭᠦ ᠣᠷᠣᠨ ᠤ ᠪᠦᠲᠦᠭᠡᠨ | ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠺᠠᠮᠪᠤᠵᠠ ᠶᠢᠨ ᠬᠢᠨ ᠤ ᠵᠠᠮ ᠬᠠᠷᠢᠯᠴᠠᠭᠠᠨ ᠤ ᠰᠠᠭᠤᠷᠢ | ᠲᠥᠬᠦᠭᠡᠷᠦᠮᠵᠢ ᠪᠠᠨ ᠪᠦᠲᠦᠭᠡᠨ ᠪᠠᠶᠢᠭᠤᠯᠬᠤ ᠶᠢ ᠲᠡᠮᠵᠢᠨ᠎ᠠ᠃ ᠬᠥᠳᠡᠭᠡ ᠠᠵᠤ ᠠᠬᠤᠢ ᠶᠢᠨ ᠲᠠᠯ᠎ᠠ ᠪᠠᠷ᠂ ︽ᠠᠮᠤ | ᠵᠢᠭᠠᠰᠤᠨ ᠤ ᠦᠢᠯᠡᠰ ᠤᠨ ᠬᠤᠩᠭᠢᠯ︾ ᠢ ᠬᠦᠴᠦᠯᠡᠨ ᠪᠠᠶᠢᠭᠤᠯᠵᠤ᠂ ᠨᠠᠭᠤᠷ ᠳᠠᠭᠠᠤ ᠲᠠᠷᠢᠶᠠᠯᠠᠩ ᠤᠨ | ᠬᠠᠮᠲᠤᠷᠠᠯᠴᠠᠭ᠎ᠠ ᠥᠷᠨᠢᠭᠦᠯᠦᠨ᠎ᠡ᠃ ᠡᠨᠧᠷᠭᠢ ᠶᠢᠨ ᠲᠠᠯ᠎ᠠ ᠪᠠᠷ᠂ ᠪᠣᠬᠢᠷᠳᠤᠯ ᠦᠭᠡᠢ ᠬᠥᠭᠵᠢᠯᠲᠡ ᠶᠢ ᠬᠦᠴᠦᠯᠡᠨ | ᠪᠠᠲᠤᠯᠠᠵᠤ᠂ ᠺᠠᠮᠪᠤᠵᠠ ᠶᠢᠨ ᠤᠰᠤᠨ ᠤ ᠬᠦᠴᠦ ᠪᠠᠷ ᠴᠠᠭᠢᠯᠭᠠᠨ ᠭᠠᠷᠭᠠᠬᠤ᠂ ᠭᠡᠷᠡᠯᠴᠢ ᠴᠡᠨᠡᠭ ᠢᠶᠠᠷ ᠴᠠᠭᠢᠯᠭᠠᠨ | ᠭᠠᠷᠭᠠᠬᠤ ᠲᠥᠷᠥᠯ ᠵᠦᠢᠯ ᠳᠠᠬᠢ ᠣᠷᠣᠭᠤᠯᠤᠯᠲᠠ ᠪᠠᠨ ᠨᠡᠮᠡᠭᠳᠡᠭᠦᠯᠦᠨ᠎ᠡ᠃ ᠠᠮᠤᠷ ᠲᠦᠪᠰᠢᠨ ᠤ ᠲᠠᠯ᠎ᠠ ᠪᠠᠷ᠂ ᠬᠢᠯᠢ | ᠰᠤᠨᠳᠠᠯᠠᠭᠰᠠᠨ ᠶᠠᠯᠠᠲᠤ ᠠᠵᠢᠯᠯᠠᠭ᠎ᠠ ᠳᠤ ᠬᠠᠮᠲᠤᠷᠠᠨ ᠴᠢᠩᠭ᠎ᠠ ᠴᠣᠬᠢᠯᠲᠠ ᠥᠭᠭᠦ ᠲᠤᠰᠬᠠᠢ ᠠᠵᠢᠯᠯᠠᠭ᠎ᠠ ᠶᠢ ᠪᠠᠶᠢᠩᠭᠤ | ᠥᠷᠨᠢᠭᠦᠯᠵᠦ᠂ ᠳᠤᠮᠳᠠᠳᠤ ᠤᠯᠤᠰ ᠠᠴᠠ ᠺᠠᠮᠪᠤᠵᠠ ᠳᠤ ᠦᠷᠭᠦᠯᠵᠢᠯᠡᠨ ᠮᠢᠨ᠎ᠠ ᠠᠷᠢᠯᠭᠠᠬᠤ ᠲᠤᠰᠠᠯᠠᠮᠵᠢ ᠬᠠᠩᠭᠠᠨ᠎ᠠ᠃ | ᠰᠣᠶᠣᠯ ᠢᠷᠭᠡᠨᠰᠢᠯ ᠤᠨ ᠲᠠᠯ᠎ᠠ ᠪᠠᠷ᠂ ᠳᠤᠮᠳᠠᠳᠤ ᠤᠯᠤᠰ ᠡᠩ ᠲᠡᠷᠢᠭᠦᠨ ᠳᠤ ᠳᠤᠮᠳᠠᠳᠤ ᠺᠠᠮᠪᠤᠵᠠ ᠶᠢᠨ ᠰᠢᠭᠤᠳ | ᠬᠦᠷᠬᠦ ᠨᠢᠰᠬᠡᠯ ᠤᠨ ᠡᠭᠡᠯᠵᠢ ᠶᠢ ᠰᠡᠷᠭᠦᠭᠡᠨ ᠨᠡᠮᠡᠭᠳᠡᠭᠦᠯᠵᠦ᠂ ᠵᠢᠭᠤᠯᠴᠢᠯᠠᠯ ᠤᠨ ᠬᠠᠮᠲᠤᠷᠠᠯᠴᠠᠭ᠎ᠠ ᠥᠷᠨᠢᠭᠦᠯᠬᠦ ᠶᠢ | ᠵᠣᠷᠢᠭᠵᠢᠭᠤᠯᠵᠤ᠂ ᠰᠣᠶᠣᠯ ᠤᠨ ᠥᠪ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠥᠷᠨᠢᠭᠦᠯᠵᠦ᠂ | ᠺᠠᠮᠪᠤᠵᠠ ᠶᠢᠨ ᠬᠢᠨ ᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠦᠢᠯᠡᠰ ᠢᠶᠠᠨ ᠬᠥᠭᠵᠢᠭᠦᠯᠬᠦ ᠶᠢ ᠲᠡᠮᠵᠢᠨ᠎ᠠ | ᠃ ᠬᠤᠶᠠᠷ ᠲᠠᠯ᠎ᠠ ᠪᠠᠷ ᠢᠶᠠᠨ ᠳᠤᠮᠳᠠᠳᠤ ᠺᠠᠮᠪᠤᠵᠠ ᠶᠢᠨ ᠨᠥᠭᠦᠷᠰᠡᠭ ᠣᠨ ᠢᠶᠠᠷ ᠠᠵᠠ ᠲᠣᠭᠢᠶᠠᠯ ᠪᠤᠯᠭᠠᠵᠤ᠂ ᠣᠷᠣᠨ | ᠨᠤᠲᠤᠭ ᠤᠨ ᠠᠵᠢᠯ ᠲᠦᠷᠦᠯ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ | ᠥᠷᠭᠡᠳᠬᠡᠵᠦ᠂ ᠵᠠᠯᠠᠭᠤᠴᠤᠳ ᠤᠨ ᠶᠠᠪᠤᠯᠴᠠᠭ᠎ᠠ ᠶᠢ ᠴᠢᠩᠭᠠᠳᠬᠠᠵᠤ᠂ ᠳᠤᠮᠳᠠᠳᠤ ᠺᠠᠮᠪᠤᠵᠠ ᠶᠢᠨ ᠨᠥᠭᠦᠷᠰᠡᠭ ᠠᠵᠢᠯ | ᠦᠢᠯᠡᠰ ᠢ ᠤᠯᠠᠮᠵᠢᠯᠠᠨ ᠪᠠᠳᠠᠷᠠᠭᠤᠯᠤᠶ᠎ᠠ ᠭᠡᠵᠦ ᠵᠢᠭᠠᠵᠤ ᠭᠠᠷᠭᠠᠪᠠ᠃ ᠬᠤᠩᠰᠧᠨ᠂ ᠳᠤᠮᠳᠠᠳᠤ ᠤᠯᠤᠰ ᠤᠨ ᠴᠠᠭᠠᠨ | ᠰᠠᠷ᠎ᠠ ᠶᠢᠨ ᠳᠠᠷᠠᠭ᠎ᠠ ᠭᠥᠯᠢᠶᠡᠨ ᠠᠪᠴᠤ ᠵᠣᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ | ᠬᠥᠮᠥᠨ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ 3 ᠵᠢᠯ ᠤᠨ ᠡᠮᠦᠨᠡᠬᠢ ᠲᠡᠷᠡ ᠤᠳᠠᠭ᠎ᠠ ᠶᠢᠨ | ᠠᠶᠢᠯᠴᠢᠯᠠᠯᠲᠠ ᠴᠤ ᠲᠡᠷᠡ᠂ ᠲᠤᠰ ᠤᠳᠠᠭ᠎ᠠ ᠶᠢᠨ ᠠᠶᠢᠯᠴᠢᠯᠠᠯᠲᠠ ᠴᠤ ᠲᠡᠷᠡ᠂ ᠪᠢ ᠺᠠᠮᠪᠤᠵᠠ ᠶᠢᠨ ᠠᠷᠠᠳ | ᠲᠦᠮᠡᠨ ᠤ ᠢᠮᠠᠭᠲᠠ ᠳᠤᠮᠳᠠᠳᠤ ᠤᠯᠤᠰ ᠤᠨ ᠠᠷᠠᠳ ᠲᠦᠮᠡᠨ ᠲᠠᠢ ᠡᠷᠡᠰ ᠪᠠᠲᠤ ᠬᠠᠮᠲᠤ ᠵᠣᠭᠰᠣᠭᠰᠠᠨ ᠲᠣᠳᠣᠷᠬᠠᠢ | ᠮᠡᠳᠡᠭᠡ ᠵᠠᠩᠭᠢ ᠶᠢ ᠳᠠᠮᠵᠢᠭᠤᠯᠬᠤ ᠶᠢ ᠬᠦᠰᠡᠵᠦ ᠪᠠᠶᠢᠨ᠎ᠠ᠃ ᠺᠠᠮᠪᠤᠵᠠ ᠶᠢᠨ ᠬᠢᠨ ᠳᠤᠮᠳᠠᠳᠤ ᠤᠯᠤᠰ ᠤᠨ ᠣᠯᠣᠭᠰᠠᠨ | ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠢᠰᠢᠷᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠢᠲᠡᠭᠡᠵᠦ | ᠪᠠᠶᠢᠨ᠎ᠠ᠃ ᠳᠤᠮᠳᠠᠳᠤ ᠤᠯᠤᠰ ᠺᠠᠮᠪᠤᠵᠠ ᠶᠢᠨ ᠠᠷᠠᠳ ᠲᠦᠮᠡᠨ ᠤ ᠥᠪᠡᠷ ᠤᠨ ᠤᠯᠤᠰ ᠤᠨ ᠪᠠᠶᠢᠳᠠᠯ ᠳᠠᠭᠠᠨ | ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠰᠣᠩᠭᠤᠬᠤ ᠶᠢ ᠡᠷᠡᠰ ᠲᠡᠮᠵᠢᠵᠥ᠂ ᠺᠠᠮᠪᠤᠵᠠ ᠳᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷᠳᠡᠯ ᠲᠤᠯᠭᠠᠷᠠᠬᠤ ᠦᠶ᠎ᠡ ᠳᠤ ᠴᠠᠭ ᠲᠤᠬᠠᠢ ᠳᠤᠨᠢ | ᠡᠷᠬᠢᠮ ᠨᠠᠨᠳᠢᠨ ᠳᠡᠮᠵᠢᠯᠭᠡ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠺᠠᠮᠪᠤᠵᠠ ᠶᠢᠨ ᠬᠢᠨ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ | ᠤᠯᠤᠰ ᠤᠨ ᠡᠷᠬᠡ ᠮᠡᠲᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠡᠷᠡᠰ | ᠲᠡᠮᠵᠢᠵᠦ᠂ ᠳᠤᠮᠳᠠᠳᠤ ᠤᠯᠤᠰ ᠤᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ | ᠡᠷᠡᠰ ᠲᠡᠮᠵᠢᠵᠦ᠂ ᠶᠠᠮᠠᠷᠪᠠ ᠭᠠᠳᠠᠭᠠᠳᠤ ᠶᠢᠨ ᠬᠦᠴᠦᠨ ᠤ ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ | ᠬᠤᠯᠪᠣᠭᠳᠠᠭᠰᠠᠨ᠂ ᠲᠥᠪᠡᠳ ᠲᠠᠢ ᠬᠤᠯᠪᠣᠭᠳᠠᠭᠰᠠᠨ ᠵᠡᠷᠭᠡ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ | ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠪᠢ ᠳᠤᠮᠳᠠᠳᠤ ᠤᠯᠤᠰ ᠤᠨ ︽ᠠᠯᠮᠠᠰ | ᠴᠢᠯᠠᠭᠤ ᠶᠢᠨ ᠵᠢᠷᠭᠤᠭᠠᠨ ᠲᠠᠯ᠎ᠠ︾ ᠶᠢᠨ ᠬᠠᠮᠲᠤᠷᠠᠯᠴᠠᠭᠠᠨ ᠤ ᠪᠦᠲᠦᠴᠡ ᠶᠢ ᠠᠬᠢᠭᠤᠯᠬᠤ ᠲᠤᠬᠠᠢ ᠪᠣᠳᠣᠯᠬᠢᠯᠠᠯ ᠢ | ᠪᠦᠷᠢᠮᠦᠰᠦᠨ ᠵᠥᠪᠰᠢᠶᠡᠷᠡᠨ᠎ᠡ᠃ ᠺᠠᠮᠪᠤᠵᠠ ᠶᠢᠨ ᠬᠢᠨ ᠺᠠᠮᠪᠤᠵᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 65 | ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠺᠠᠮᠪᠤᠵᠠ ᠳᠤᠮᠳᠠᠳᠤ ᠶᠢᠨ ᠨᠥᠬᠦᠷᠯᠡᠯ ᠢᠶᠠᠨ ᠴᠢᠨᠠᠭᠰᠢᠳᠠ | ᠪᠠᠬᠢᠵᠢᠭᠦᠯᠵᠦ᠂ ᠨᠠᠮ ᠢ ᠵᠠᠰᠠᠵᠤ ᠲᠦᠷᠦ ᠶᠢ ᠵᠠᠰᠠᠵᠤ ᠵᠠᠰᠠᠭ ᠢ ᠡᠷᠭᠢᠯᠡᠭᠰᠡᠨ ᠲᠤᠷᠰᠢᠯᠭ᠎ᠠ ᠶᠢᠨ ᠰᠣᠯᠢᠯᠴᠠᠭ᠎ᠠ ᠪᠣᠯᠣᠨ | ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠠᠵᠤ | ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾ ᠪᠣᠯᠣᠨ ︽ᠠᠮᠤ ᠵᠢᠭᠠᠰᠤᠨ ᠤ ᠦᠢᠯᠡᠰ ᠤᠨ ᠬᠤᠩᠭᠢᠯ︾ ᠢ | ᠢᠳᠡᠪᠬᠢᠲᠡᠢ ᠪᠠᠶᠢᠭᠤᠯᠵᠤ᠂ ᠺᠠᠮᠪᠤᠵᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ | ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠬᠦᠰᠡᠵᠦ | ᠪᠠᠶᠢᠨ᠎ᠠ᠃ | ᠺᠠᠮᠪᠤᠵᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠪᠣᠯᠣᠨ | ᠳᠤᠮᠳᠠᠳᠤ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠦᠷᠭᠦᠯᠵᠢᠯᠡᠨ ᠢᠳᠡᠪᠬᠢᠲᠡᠢ ᠠᠬᠢᠭᠤᠯᠤᠨ᠎ᠠ᠃ ᠳᠤᠮᠳᠠᠳᠤ | ᠤᠯᠤᠰ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ | ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠺᠠᠮᠪᠤᠵᠠ ᠶᠢᠨ ᠬᠢᠨ ᠢᠳᠡᠪᠬᠢᠲᠡᠢ ᠳᠡᠮᠵᠢᠭᠦ ᠶᠢᠨ | ᠬᠠᠮᠲᠤ ᠣᠷᠣᠯᠴᠠᠨ᠎ᠠ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ | ᠰᠣᠯᠢᠯᠴᠠᠪᠠ᠃ ᠰᠢ ᠶᠢᠨ ᠫᠢᠩ᠂ ᠬᠥᠭᠵᠢᠯᠲᠡ ᠪᠣᠯ ᠴᠥᠭᠡᠨ ᠲᠣᠭᠠᠨ ᠤ ᠤᠯᠤᠰ ᠤᠨ ᠡᠷᠬᠡ ᠠᠰᠢᠭ ᠪᠢᠰᠢ ᠶᠤᠮ᠂ | ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠢ ᠡᠭᠦᠰᠬᠡᠵᠦ᠂ ᠠᠵᠤ ᠠᠬᠤᠢ ᠠᠷᠠᠯᠵᠢᠶ᠎ᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ ᠲᠥᠷᠥᠴᠢᠯᠡᠵᠦ᠂ ᠵᠡᠪᠰᠡᠭᠴᠢᠯᠡᠭᠦ᠂ ︽ᠬᠠᠷᠢᠴᠠᠭ᠎ᠠ ᠪᠠᠨ | ᠲᠠᠰᠤᠯᠵᠤ ᠬᠡᠯᠬᠢᠶ᠎ᠡ ᠪᠠᠨ ᠲᠠᠰᠤᠯᠬᠤ︾ ᠶᠢ ᠬᠦᠴᠦᠯᠡᠨ ᠠᠬᠢᠭᠤᠯᠬᠤ᠂ ᠪᠤᠰᠤᠳ ᠤᠯᠤᠰ ᠤᠨ ᠬᠥᠭᠵᠢᠯᠲᠡ ᠶᠢ | ᠳᠠᠷᠤᠵᠤ ᠬᠤᠷᠢᠭᠯᠠᠬᠤ᠂ ᠭᠠᠵᠠᠷ ᠣᠷᠣᠨ ᠤ ᠤᠯᠤᠰ ᠤᠳ ᠢ ᠪᠦᠯᠦᠭᠯᠡᠨ ᠠᠶᠢᠮᠠᠭᠯᠠᠬᠤ ᠶᠢ ᠱᠠᠭᠠᠷᠳᠠᠬᠤ ᠪᠣᠯ | ᠬᠦᠴᠦᠷᠬᠡᠭᠯᠡᠯ ᠡᠵᠡᠷᠬᠡᠭᠯᠡᠯ ᠤᠨ ᠠᠵᠢᠯᠯᠠᠭ᠎ᠠ ᠪᠣᠯᠣᠨ᠎ᠠ᠂ ᠬᠥᠮᠥᠨ ᠤ ᠰᠡᠳᠬᠢᠯ ᠢ ᠣᠯᠵᠤ ᠴᠢᠳᠠᠬᠤ ᠦᠭᠡᠢ ᠶᠤᠮ᠃ | ᠳᠤᠮᠳᠠᠳᠤ ᠤᠯᠤᠰ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠠᠭᠤᠯᠵᠠᠯᠲᠠ ᠳᠠᠭᠤᠰᠤᠭᠰᠠᠨ ᠤ ᠳᠠᠷᠠᠭ᠎ᠠ᠂ ᠰᠢ ᠶᠢᠨ ᠫᠢᠩ ᠬᠤᠩᠰᠧᠨ ᠳᠤ ᠵᠣᠷᠢᠭᠤᠯᠤᠨ ᠳᠠᠶᠢᠯᠠᠯᠭ᠎ᠠ ᠬᠢᠪᠡ᠃ | ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | |