ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/16
    2 ᠳ᠋ᠤᠭᠠᠷ ᠰᠠᠷ᠎ᠠ ᠶᠢᠨ 14 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ  ᠱᠦ ᠴᠧᠩ ᠬᠤᠷᠠᠯ ᠢ ᠡᠷᠭᠢᠯᠡᠵᠦ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠵᠢᠷᠭᠤᠳᠤᠭᠠᠷ ᠰᠢᠪᠠᠳᠠᠨ ᠵᠢᠯᠣᠭᠤᠳᠬᠤ ᠳᠤᠭᠤᠶᠢᠯᠠᠩ ᠤᠨ ᠨᠥᠬᠦᠳ ᠬᠤᠷᠠᠯ ᠳᠤ ᠣᠷᠣᠯᠴᠠᠨ ᠵᠢᠭᠠᠨ ᠵᠢᠯᠣᠭᠤᠳᠬᠤ ᠶᠢᠨ ᠬᠠᠮᠲᠤ ᠦᠨᠡᠯᠡᠯᠲᠡ ᠬᠢᠪᠠ᠃    ᠬᠤᠷᠠᠯ ᠠᠴᠠ ᠡᠮᠦᠨ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠰᠤᠷᠤᠯᠴᠠᠨ ᠰᠤᠳᠤᠯᠤᠨ ᠶᠠᠷᠢᠯᠴᠠᠬᠤ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠭᠰᠡᠨ ᠪᠥᠭᠡᠳ ᠨᠠᠷᠢᠨ ᠬᠢᠨᠠᠮᠠᠭᠠᠢ ᠲᠤᠭᠤᠷᠪᠢᠨ ᠪᠢᠴᠢᠵᠦ ᠬᠠᠷᠢᠴᠠᠭᠤᠯᠤᠨ ᠪᠠᠶᠢᠴᠠᠭᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠭᠰᠡᠨ ᠪᠠᠶᠢᠨ᠎ᠠ᠃ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠯᠢᠦ  ᠱᠦ ᠴᠧᠩ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠪᠥᠭᠡᠳ ᠪᠡᠶ᠎ᠡ ᠪᠠᠷ ᠢᠶᠠᠨ ᠲᠦᠷᠦᠭᠦᠯᠡᠨ ᠬᠤᠪᠢ ᠬᠥᠮᠦᠨ ᠤ ᠪᠠᠶᠢᠴᠠᠭᠠᠯᠲᠠ ᠵᠠᠳᠠᠯᠤᠯᠲᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡ ᠨᠢᠭᠡ ᠪᠠᠷ ᠬᠤᠪᠢ ᠬᠥᠮᠦᠨ ᠤ ᠵᠠᠳᠠᠯᠤᠯᠲᠠ ᠬᠢᠭᠰᠡᠨ ᠪᠥᠭᠡᠳ ᠬᠠᠷᠢᠯᠴᠠᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃    ᠯᠢᠦ ᠱᠦ ᠴᠧᠩ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠤᠬᠠᠮᠰᠠᠷ ᠠᠴᠠ ᠪᠠᠨ ᠰᠠᠶᠢᠲᠤᠷ ᠠᠳᠬᠤᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠪᠣᠳᠠᠲᠠᠢ ᠰᠠᠶᠢᠵᠢᠷᠠᠭᠤᠯᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ︽ᠲᠠᠪᠤᠨ ᠶᠡᠭᠡ ᠡᠭᠦᠷᠭᠡ︾᠂ ᠰᠦᠨ ᠱᠣᠤ ᠴᠧᠩ ᠱᠦᠵᠢ ᠶᠢᠨ ᠴᠢᠬᠤᠯᠠᠴᠢᠯᠠᠭᠰᠠᠨ ︽ᠭᠤᠷᠪᠠᠨ  ᠵᠦᠢᠯ ᠤᠨ ᠭᠤᠤᠯᠳᠠᠯᠭ᠎ᠠ ᠲᠠᠢ ᠠᠵᠢᠯ︾ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ︽ᠳᠣᠯᠤᠭ᠎ᠠ ᠶᠢ ᠬᠡᠷᠬᠢᠨ ᠪᠡᠶᠡᠯᠡᠭᠦᠯᠬᠦ︾ ᠵᠡᠷᠭᠡ ᠬᠦᠷᠢᠶᠡᠨ ᠳᠤ ᠨᠠᠷᠢᠯᠢᠭ ᠣᠨᠣᠴᠠᠲᠠᠶ ᠪᠠᠷ ᠬᠦᠴᠦᠯᠡᠵᠦ᠂ ᠴᠢᠨᠠᠷ ᠰᠠᠶᠢᠲᠠᠶ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠪᠠᠷ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ  ᠭᠡᠪᠡ᠃
 
ᠢᠷᠡᠯᠲᠡ᠄ ᠬᠢᠩᠭᠠᠨ  ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号