ᠰᠢ ᠶᠢᠨ ᠫᠢᠩ ᠢᠷᠠᠨ ᠤ ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/2/16
   2 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠷᠠᠨ ᠤ ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ᠃
2 ᠰᠠᠷ᠎ᠠ ᠶᠢᠨ 14 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠷᠠᠨ ᠤ ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠶᠢᠰᠢ ᠶᠢ ᠤᠭᠲᠤᠬᠤ ᠶᠣᠰᠣᠯᠠᠯ ᠶᠠᠪᠤᠭᠳᠠᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ ᠰᠢ ᠶᠢᠨ ᠫᠢᠩ᠂ ᠳᠤᠮᠳᠠᠳᠤ ᠢᠷᠠᠨ ᠬᠤᠶᠠᠷ ᠤᠯᠤᠰ ᠨᠥᠭᠦᠷᠰᠡᠭ ᠤᠯᠠᠮᠵᠢᠯᠠᠯ ᠲᠠᠢ ᠪᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠡᠯ᠎ᠡ ᠵᠦᠢᠯ ᠤᠨ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠳᠠᠭᠠᠭᠠᠵᠤ ᠴᠢᠳᠠᠬᠤ ᠶᠤᠮ᠃ ᠣᠳᠣᠬᠠᠨ ᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠳᠤᠮᠳᠠᠳᠤ ᠢᠷᠠᠨ ᠬᠠᠷᠢᠯᠴᠠᠨ ᠳᠡᠮᠵᠢᠵᠦ᠂ ᠪᠦᠯᠬᠦᠮᠳᠡᠨ ᠬᠠᠮᠵᠢᠯᠴᠠᠵᠤ᠂ ᠭᠠᠷ ᠬᠤᠯᠪᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠯᠠᠪᠳᠠᠭᠤᠨ ᠢᠶᠠᠷ ᠠᠬᠢᠵᠤ᠂ ᠬᠠᠮᠲᠤ ᠶᠢᠨ ᠠᠰᠢᠭ ᠲᠤᠰᠠ ᠶᠢ ᠠᠬᠢᠭᠤᠯᠵᠤ᠂ ᠳᠡᠯᠡᠬᠡᠢ ᠶᠢᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠤᠮᠳᠠᠳᠤ ᠢᠷᠠᠨ ᠤ ᠨᠥᠬᠦᠷᠯᠡᠯ ᠤᠨ ᠰᠢᠨ᠎ᠡ ᠬᠠᠭᠤᠳᠠᠰᠤ ᠶᠢ ᠪᠢᠴᠢᠭᠯᠡᠪᠡ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠢᠷᠠᠨ ᠤ ᠬᠠᠷᠢᠯᠴᠠᠭ᠎ᠠ ᠳᠤ ᠬᠠᠨᠳᠤᠬᠤ ᠪᠠ ᠬᠥᠭᠵᠢᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠪᠦᠷ ᠢᠷᠠᠨ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠡᠷᠡᠰ ᠭᠤᠶᠢᠪᠢᠰᠢ ᠦᠭᠡᠢ ᠬᠥᠭᠵᠢᠭᠦᠯᠵᠦ᠂ ᠳᠤᠮᠳᠠᠳᠤ ᠢᠷᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠳᠤᠮᠳᠠ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠶᠢᠨ ᠲᠠᠯ᠎ᠠ ᠢᠷᠠᠠ ᠤ ᠲᠠᠯ᠎ᠠ ᠶᠢᠨ ᠬᠢᠨ ᠤ ᠤᠯᠤᠰ ᠤᠨ ᠡᠷᠬᠡ ᠮᠡᠲᠡᠯ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ᠂ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠲᠡᠮᠵᠢᠵᠦ᠂ ᠢᠷᠠᠠ ᠤ ᠲᠠᠯ᠎ᠠ ᠶᠢᠨ ᠬᠢᠨ ᠤ ᠭᠠᠭᠴᠠ ᠲᠠᠯᠠᠲᠤ ᠦᠵᠡᠯ᠂ ᠡᠵᠡᠷᠬᠡᠭ ᠦᠵᠡᠯ ᠢ ᠡᠰᠡᠷᠭᠦᠴᠡᠬᠦ ᠶᠢ ᠲᠡᠮᠵᠢᠵᠦ᠂ ᠭᠠᠳᠠᠭᠠᠳᠤ ᠶᠢᠨ ᠬᠦᠴᠦᠨ ᠤ ᠢᠷᠠᠠ ᠤ ᠳᠣᠲᠣᠭᠠᠳᠤ ᠵᠠᠰᠠᠭ ᠲᠤ ᠭᠠᠷ ᠲᠦᠷᠦᠭᠦ᠂ ᠢᠷᠠᠠ ᠤ ᠠᠮᠤᠷ ᠲᠦᠪᠰᠢᠨ ᠲᠣᠭᠲᠠᠭᠤᠨ ᠢ ᠡᠪᠳᠡᠭᠦ ᠶᠢ ᠡᠰᠡᠷᠭᠦᠴᠡᠵᠦ᠂ ᠳᠤᠷᠠᠲᠠᠶ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠢᠷᠠᠠ ᠤ ᠲᠠᠯ᠎ᠠ ᠯᠤᠭ᠎ᠠ ᠬᠠᠷᠢᠯᠴᠠᠨ ᠡᠷᠡᠰ ᠲᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ᠬᠤᠶᠠᠷ ᠤᠯᠤᠰ ᠤᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠯᠵᠢᠶ᠎ᠠ᠂ ᠬᠥᠳᠡᠭᠡ ᠠᠵᠤ ᠠᠬᠤᠢ᠂ ᠠᠵᠤ ᠦᠢᠯᠡᠳᠪᠦᠷᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠢᠷᠠᠨ ᠤ ᠴᠢᠨᠠᠷ ᠰᠠᠶᠢᠲᠠᠢ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠨᠡᠩ ᠤᠯᠠᠨ ᠣᠷᠣᠭᠤᠯᠤᠨ ᠠᠪᠴᠢᠷᠠᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠨ᠎ᠡ ᠭᠡᠵᠦ ᠴᠢᠬᠤᠯᠠᠴᠢᠯᠠᠪᠠ᠃ ᠰᠢ ᠶᠢᠨ ᠫᠢᠩ᠂ ᠳᠤᠮᠳᠠᠳᠤ ᠳᠣᠷᠣᠨᠠᠲᠤ ᠶᠢᠨ ᠲᠣᠭᠲᠠᠭᠤᠨ ᠢ ᠬᠠᠮᠠᠭᠠᠯᠠᠬᠤ ᠨᠢ ᠭᠠᠵᠠᠷ ᠣᠷᠣᠨ ᠤ ᠤᠯᠤᠰ ᠪᠣᠯᠣᠨ ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠪᠦᠭᠦ ᠪᠥᠮᠪᠥᠷᠴᠡᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠡᠨᠧᠷᠭᠢ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠬᠤ ᠳᠤ ᠲᠦᠢᠯ ᠤᠨ ᠴᠢᠬᠤᠯᠠ ᠶᠤᠮ᠃ ᠢᠷᠠᠨ ᠤ ᠬᠢᠨ ᠤ ᠳᠤᠷᠠᠲᠠᠶ᠎ᠠ ᠡᠷᠭᠢᠨ ᠲᠣᠭᠤᠷᠢᠨ ᠤ ᠬᠥᠷᠰᠢ ᠤᠯᠤᠰ ᠯᠤᠭ᠎ᠠ ᠶᠢᠨ ᠬᠠᠷᠢᠯᠴᠠᠭ᠎ᠠ ᠪᠠᠨ ᠢᠳᠡᠪᠬᠢᠲᠡᠢ ᠰᠠᠶᠢᠵᠢᠷᠠᠭᠤᠯᠵᠤ᠂ ᠭᠠᠵᠠᠷ ᠣᠷᠣᠨ ᠤ ᠤᠯᠤᠰ ᠤᠳ ᠤᠨ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ ᠵᠥᠷᠢᠴᠡᠯ ᠢ ᠰᠢᠢᠳᠪᠦᠷᠢᠯᠡᠵᠦ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠠᠨ ᠪᠡᠶᠡᠯᠡᠭᠦᠯᠬᠦ ᠶᠢ ᠳᠡᠮᠵᠢᠵᠦ᠂ ᠳᠤᠷᠠᠲᠠᠶ᠎ᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠲᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ  ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠠᠪᠴᠠᠩ ᠳᠠᠬᠢ ᠣᠯᠣᠯᠴᠠᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠢᠷᠠᠨ ᠤ ᠴᠥᠮ᠎ᠡ ᠶᠢᠨ ᠠᠰᠠᠭᠤᠳᠠᠯ ᠤᠨ ᠪᠦᠭᠦ ᠲᠠᠯ᠎ᠠ ᠶᠢᠨ ᠵᠥᠪᠯᠡᠯᠴᠡᠭᠡᠷ ᠢ ᠰᠡᠷᠭᠦᠭᠡᠨ ᠬᠡᠷᠡᠭᠵᠢᠭᠦᠯᠬᠦ ᠬᠡᠯᠡᠯᠴᠡᠭᠡ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠪᠠᠷ ᠣᠷᠣᠯᠴᠠᠵᠤ᠂ ᠢᠷᠠᠨ ᠤ ᠵᠦᠢ ᠶᠣᠰᠣᠨ ᠤ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠳᠡᠮᠵᠢᠵᠦ᠂ ᠢᠷᠠᠨ ᠤ ᠴᠥᠮ᠎ᠡ ᠶᠢᠨ ᠠᠰᠠᠭᠤᠳᠠᠯ ᠢ ᠡᠷᠲᠡᠬᠡᠨ ᠵᠣᠬᠢᠰᠲᠠᠢ ᠰᠢᠢᠳᠪᠦᠷᠢᠯᠡᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠯᠠᠶᠢᠰᠢ᠂ ᠢᠷᠠᠨ ᠳᠤᠮᠳᠠᠳᠤ ᠶᠢᠨ ᠨᠥᠬᠦᠷᠯᠡᠯ ᠰᠢᠯᠭᠠᠯᠲᠠ ᠶᠢ ᠳᠠᠭᠠᠭᠠᠵᠤ᠂ ᠶᠠᠪᠤᠬᠤ ᠲᠤᠳᠤᠮ ᠪᠠᠬᠢᠵᠢᠪᠡ᠃ ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ᠂ ᠢᠷᠠᠨ ᠳᠤᠮᠳᠠᠳᠤ ᠶᠢᠨ ᠬᠠᠷᠢᠯᠴᠠᠭ᠎ᠠ ᠨᠢ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠳᠤ ᠰᠠᠭᠤᠷᠢᠯᠠᠵᠤ᠂ ᠬᠠᠷᠢᠯᠴᠠᠨ ᠢᠲᠡᠭᠡᠮᠵᠢᠲᠡᠢ ᠦᠨᠡᠨᠴᠢ ᠰᠢᠳᠤᠷᠭᠤ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ᠃ ᠢᠷᠠᠨ ᠤ ᠬᠢᠨ ᠤ ᠢᠷᠠᠨ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠪᠠᠷ ᠬᠦᠴᠦᠯᠡᠨ ᠴᠢᠷᠮᠠᠶᠢᠬᠤ ᠵᠣᠷᠢᠭ ᠡᠷᠡᠰ ᠭᠤᠶᠢᠪᠢᠰᠢ ᠦᠭᠡᠢ᠂ ᠶᠠᠮᠠᠷᠪᠠ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ ᠦᠭᠡᠢ ᠶᠤᠮ᠃ ᠢᠷᠠᠨ ᠤ ᠬᠢᠨ ᠳᠤᠮᠳᠠᠳᠤ ᠤᠯᠤᠰ ᠯᠤᠭ᠎ᠠ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠢᠷᠠᠨ ᠳᠤᠮᠳᠠᠳᠤ ᠶᠢᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠯᠵᠢᠶ᠎ᠠ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠷᠠᠨ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠤᠯᠤᠰ ᠤᠨ ᠨᠡᠩ ᠤᠯᠠᠨ ᠵᠢᠭᠤᠯᠴᠢᠯᠠᠬᠰᠡᠳ ᠤᠨ ᠢᠷᠠᠨ ᠳᠤ ᠬᠦᠷᠴᠦ ᠵᠢᠭᠤᠯᠴᠢᠯᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠢᠷᠡᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠢᠷᠡᠨ ᠤ ᠴᠥᠮ᠎ᠡ ᠶᠢᠨ ᠠᠰᠠᠭᠤᠳᠠᠯ ᠤᠨ ᠪᠦᠭᠦ ᠲᠠᠯ᠎ᠠ ᠶᠢᠨ ᠵᠥᠪᠯᠡᠯᠴᠡᠭᠡᠷ ᠬᠡᠯᠡᠯᠴᠡᠭᠡ ᠬᠢᠬᠦ ᠵᠡᠷᠭᠡ ᠠᠰᠠᠭᠤᠳᠠᠯ ᠤᠨ ᠲᠠᠯ᠎ᠠ ᠪᠠᠷ ᠭᠤᠣᠯᠴᠢ ᠶᠢ ᠪᠠᠷᠢᠮᠲᠠᠯᠠᠭᠰᠠᠨ ᠳᠤ ᠲᠠᠯᠠᠷᠬᠠᠵᠤ ᠪᠠᠶᠢᠨ᠎ᠠ᠃ ᠢᠷᠠᠨ ᠤ ᠬᠢᠨ ᠳᠤᠮᠳᠠᠳᠤ ᠤᠯᠤᠰ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠭᠦᠯᠦᠯᠲᠡ ᠶᠢᠨ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠡᠷᠡᠰ ᠳᠡᠮᠵᠢᠵᠦ᠂ ᠢᠳᠡᠪᠬᠢᠲᠡᠢ ᠣᠷᠣᠯᠴᠠᠨ᠎ᠠ᠃ ᠢᠷᠠᠨ ᠳᠤᠮᠳᠠᠳᠤ ᠤᠯᠤᠰ ᠴᠥᠮ ᠭᠠᠭᠴᠠ ᠲᠠᠯᠠᠲᠤ ᠦᠵᠡᠯ ᠪᠣᠯᠣᠨ ᠡᠵᠡᠷᠬᠡᠬᠦ ᠦᠵᠡᠯ ᠡᠵᠡᠷᠬᠡᠭᠯᠡᠯ ᠳᠠᠷᠤᠯᠠᠯ ᠢ ᠡᠷᠡᠰ ᠡᠰᠡᠷᠭᠦᠴᠡᠵᠦ᠂ ᠭᠠᠳᠠᠭᠠᠳᠤ ᠶᠢᠨ ᠬᠦᠴᠦᠨ ᠤ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠷᠡᠰ ᠡᠰᠡᠷᠭᠦᠴᠡᠳᠡᠭ᠃ ᠢᠷᠠᠨ ᠤ ᠬᠢᠨ ᠳᠤᠮᠳᠠᠳᠤ ᠤᠯᠤᠰ ᠤᠨ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠡᠷᠡᠰ ᠳᠡᠮᠵᠢᠨ᠎ᠠ᠃ ᠢᠷᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠲᠤᠬᠠᠢ ᠣᠯᠣᠯᠴᠠᠭ᠎ᠠ ᠪᠠᠨ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠠᠯᠠᠪᠤᠷ ᠲᠠᠬᠢ ᠰᠠᠶᠢᠨ ᠰᠠᠶᠢᠬᠠᠨ ᠬᠠᠮᠲᠤᠷᠠᠯᠴᠠᠭ᠎ᠠ ᠪᠠᠨ ᠪᠠᠲᠤᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ᠂ ᠭᠠᠵᠠᠷ ᠣᠷᠣᠨ ᠪᠠ ᠳᠡᠯᠡᠬᠡᠢ ᠶᠢᠨ ᠡᠩᠬᠡ ᠲᠠᠶᠢᠪᠤᠩ ᠠᠮᠤᠷ ᠲᠦᠪᠰᠢᠨ ᠢ ᠬᠠᠮᠠᠭᠠᠯᠠᠨ᠎ᠠ ᠭᠡᠵᠦ ᠢᠯᠡᠳᠬᠡᠪᠡ᠃ ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠥᠳᠡᠭᠡ ᠠᠵᠤ ᠠᠬᠤᠢ᠂ ᠠᠷᠠᠯᠵᠢᠶ᠎ᠠ᠂ ᠵᠢᠭᠤᠯᠴᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠭᠠᠮᠰᠢᠭ ᠠᠴᠠ ᠠᠪᠤᠷᠠᠬᠤ᠂ ᠰᠣᠶᠣᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠢ ᠬᠠᠮᠲᠤ ᠪᠠᠷ ᠭᠡᠷᠡᠴᠢᠯᠡᠪᠡ᠃ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠶᠢᠰᠢ ᠶᠢ ᠤᠭᠲᠤᠬᠤ ᠶᠣᠰᠣᠯᠠᠯ ᠶᠠᠪᠤᠭᠳᠠᠭᠤᠯᠪᠠ᠃ ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠢᠷᠠᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠯᠠᠶᠢᠰᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ ᠯᠠᠶᠢᠰᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠢᠰᠯᠠᠮ ᠤᠨ ᠪᠦᠭᠦᠳᠡ ᠨᠠᠶᠢᠷᠠᠮᠳᠠᠬᠤ ᠢᠷᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号