ᠬᠢᠮᠢ ᠶᠢᠨ ᠪᠤᠷᠳᠤᠭᠤᠷ ᠤᠨ ᠦᠢᠯᠡᠳᠪᠦᠷᠢᠯᠡᠯ ᠳᠤ​ ᠶᠠᠭᠠᠷᠠᠨ    ᠬᠠᠪᠤᠷ ᠤᠨ ᠲᠠᠷᠢᠶᠠᠯᠯᠠᠭ᠎ᠠ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/2/20
   
   ᠤᠢᠢᠷ᠎ᠠ ᠶᠢᠨ ᠡᠳᠦᠷ ᠤᠳ ᠲᠤ᠂ ᠬᠢᠩᠭᠠᠨ ᠠᠶᠢᠮᠠᠭ ᠤᠨ ᠤᠯᠠᠭᠠᠨ ᠲᠠᠢ ᠠᠨ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠰᠢᠭᠡᠰᠦᠯᠢᠭ ᠡᠳ᠋ ᠪᠣᠭᠤᠳᠠᠯᠯᠠᠬᠤ ᠦᠢᠯᠡᠳᠪᠦᠷᠢ ᠶᠢᠨ ᠲᠠᠰᠤᠭ ᠤᠨ ᠦᠢᠯᠡᠳᠪᠦᠷᠢᠯᠡᠯ ᠤᠨ ᠱᠤᠭᠤᠮ ᠢ ᠪᠦᠬᠦ ᠬᠦᠴᠦᠨ ᠢᠶᠠᠷ ᠢᠶᠠᠨ ᠥᠨᠳᠥᠷ ᠬᠤᠷᠳᠤᠴᠠ ᠪᠠᠷ ᠦᠢᠯᠡᠳᠪᠦᠷᠢᠯᠡᠪᠡ᠃ ᠣᠶᠢᠯᠠᠭᠠᠭᠰᠠᠨ ᠢᠶᠠᠷ᠂ ᠲᠣᠰ ᠺᠣᠮᠫᠠᠨᠢ ᠶᠢᠨ ᠡᠳᠦᠷ ᠪᠦᠷᠢ 6 ᠲᠦᠮᠡᠨ ᠤᠭᠤᠲᠠ ᠨᠡᠶᠢᠲᠡ 3000 ᠭᠠᠷᠤᠶ ᠲᠣᠨ ᠰᠢᠭᠡᠰᠦᠯᠢᠭ ᠡᠳ᠋ ᠢ ᠥᠪᠥᠷ ᠮᠣᠩᠭᠤᠯ ᠤᠨ ᠵᠡᠭᠦᠨ ᠬᠡᠰᠡᠭ ᠪᠠ ᠵᠡᠭᠦᠨ ᠭᠤᠷᠪᠠᠨ ᠮᠤᠵᠢ ᠳᠤ ᠶᠠᠪᠤᠭᠤᠯᠵᠤ ᠪᠠᠶᠢᠨ᠎ᠠ᠃ ᠪᠥᠬᠦ ᠠᠶᠢᠮᠠᠭ ᠤᠨ ᠠᠩᠬᠠᠳᠠᠭᠴᠢ ᠵᠠᠭᠤᠨ ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠲᠥᠷᠥᠯ ᠵᠦᠢᠯ ᠪᠣᠯᠤᠭᠰᠠᠨ ᠤ ᠬᠤᠪᠢ ᠳᠤ᠂ ᠤᠯᠠᠭᠠᠨ ᠪᠦᠯᠦᠭᠯᠡᠯ ᠤᠨ ᠵᠢᠯ ᠳᠤ 135 ᠲᠦᠮᠡᠨ ᠲᠣᠨ ᠨᠡᠶᠢᠯᠡᠯᠭᠡ ᠰᠢᠪᠲᠦᠷ᠂ 240 ᠲᠦᠮᠡᠨ ᠲᠣᠨ ᠰᠢᠭᠡᠰᠦᠯᠢᠭ ᠡᠳ᠋  ᠦᠢᠯᠡᠳᠪᠦᠷᠢᠯᠡᠬᠦ ᠲᠥᠷᠥᠯ ᠵᠦᠢᠯ2022 ᠣᠨ ᠤ 11 ᠰᠠᠷ᠎ᠠ ᠳᠤ ᠠᠰᠢᠭᠯᠠᠯᠲᠠ ᠳᠤ ᠤᠷᠤᠭᠰᠠᠨ ᠠᠴᠠ ᠨᠠᠰᠢ᠂ ᠬᠢᠮᠢ ᠶᠢᠨ ᠪᠣᠷᠲᠣᠭᠤᠷ ᠤᠨ  ᠦᠢᠯᠡᠳᠪᠦᠷᠢᠯᠡᠯ ᠨᠢᠭᠡᠨᠲᠡ ᠲᠣᠭᠲᠠᠭᠤᠨ ᠤᠨᠠᠯᠲᠠ ᠶᠢᠨ ᠱᠠᠲᠤᠨ ᠳᠤ ᠭᠦᠷᠦᠭᠰᠡᠨ ᠪᠠᠶᠢᠨ᠎ᠠ᠃ 2023 ᠣᠨ ᠤ ᠦᠢᠯᠡᠳᠬᠦᠨ ᠤ ᠦᠷᠳᠡᠭ 30 ᠳ᠋ᠦᠩᠰᠢᠭᠤᠷ ᠲᠥᠭᠦᠷᠢᠭ ᠲᠤ ᠬᠦᠷᠬᠦ ᠪᠣᠯᠤᠨ᠎ᠠ᠃ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 60 ᠳ᠋ᠦᠩᠰᠢᠭᠤᠷ ᠲᠥᠭᠦᠷᠢᠭ ᠪᠡᠶᠡᠯᠡᠭᠦᠯᠵᠦ᠂ 10 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠮᠥᠩᠭᠦ ᠶᠢ ᠳᠡᠭᠡᠭᠰᠢ ᠲᠤᠰᠢᠶᠠᠬᠤ ᠪᠣᠯᠤᠨ᠎ᠠ᠃
 
ᠢᠷᠡᠯᠲᠡ᠄ ᠬᠢᠩᠭᠠᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号