ᠪᠦᠬᠦ ᠤᠯᠤᠰ ᠤᠨ ᠬᠤᠶᠠᠷ ᠬᠤᠷᠠᠯ ᠶᠠᠭᠠᠬᠢᠭᠠᠳ ᠢᠩᠭᠢᠵᠦ ᠬᠥᠮᠦᠰ ᠤᠨ ᠠᠩᠬᠠᠷᠤᠯ ᠢ  ᠲᠠᠲᠠᠲᠠᠭ ᠪᠤᠶ︖ ᠬᠤᠶᠠᠷ ᠬᠤᠷᠠᠯ  ᠤᠨ  ᠲᠤᠬᠠᠢ ᠲᠠ ᠬᠡᠲᠦᠢ ᠮᠡᠲᠡᠲᠡᠭ ᠪᠣᠶ︖ ᠵᠢᠯ ᠤᠨ ᠠᠵᠢᠯ ᠬᠠᠪᠤᠷ ᠲᠤ᠂ ᠵᠢᠯ ᠤᠨ ᠠᠵᠢᠯ ᠬᠤᠶᠠᠷ ᠬᠤᠷᠠᠯ ᠳᠤ᠃ ᠪᠥᠬᠦ ᠤᠯᠤᠰ ᠤᠨ ᠬᠤᠶᠠᠷ ᠬᠤᠷᠠᠯ ᠶᠠᠭᠠᠬᠢᠭᠠᠳ ᠢᠩᠭᠢᠵᠦ ᠬᠥᠮᠦᠰ ᠤᠨ ᠠᠩᠬᠠᠷᠤᠯ ᠢ ᠲᠠᠲᠠᠵᠤ ᠪᠠᠶᠢᠬᠤ ᠪᠣᠶ︖
ᠨᠡᠶᠢᠲᠡᠯᠡᠭᠰᠡᠨ ᠴᠠᠭ᠄
2023/2/20
   ᠵᠢᠯ ᠪᠦᠷᠢ ᠶᠢᠨ ᠪᠦᠬᠦ ᠤᠯᠤᠰ ᠤᠨ ᠬᠤᠶᠠᠷ ᠬᠤᠷᠠᠯ᠂ ᠵᠠᠰᠠᠭ ᠤᠨ ᠣᠷᠳᠣᠨ ᠴᠥᠮ  ᠥᠩᠭᠡᠷᠡᠭᠰᠡᠨ  ᠨᠢᠭᠡ  ᠵᠢᠯ ‍ᠤᠨ‌ᠠᠵᠢᠯ ᠢᠶᠠᠨ ᠡᠷᠭᠢᠴᠡᠭᠦᠯᠵᠦ᠂ ᠲᠠᠬᠢᠭᠠᠳ ᠳᠠᠷᠠᠭ᠎ᠠ ᠨᠢᠭᠡ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠮᠡᠲᠡᠬᠦᠯᠲᠡᠭ᠃  ᠬᠤᠷᠠᠯ ‍ᠤᠨ‌ᠬᠤᠭᠤᠴᠠᠭᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠰᠠᠭ ᠤᠨ ᠣᠷᠳᠣᠨ ᠤ ᠠᠵᠢᠯ ‍ᠤᠨ‌ᠢᠯᠡᠳᠬᠡᠯ᠂  ᠲᠥᠯᠥᠪᠯᠡᠭᠡ ᠶᠢᠨ  ᠮᠡᠳᠡᠭᠦᠯᠦᠯᠲᠡ᠂   ᠲᠥᠰᠦᠪ ᠤᠨ   ᠮᠡᠳᠡᠭᠦᠯᠦᠯᠲᠡ᠂   ᠪᠦᠬᠦ   ᠤᠯᠤᠰ ᠤᠨ   ᠠᠷᠠᠳ ‍ᠤᠨ‌‍ᠲ᠋ᠥ᠋ᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠰᠢᠭᠦᠬᠦ‌ᠬᠤᠷᠢᠶᠠᠨ ᠤ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ‌ᠵᠥ᠋ᠪᠯᠡᠬᠦ ᠪᠤᠶᠤ ᠬᠢᠨᠠᠨ ᠪᠠᠶᠢᠴᠠᠭᠠᠲᠠᠭ ᠶᠤᠮ᠃ ᠤᠯᠤᠰ ᠲᠦᠷᠦ ᠶᠢᠨ  ᠵᠥᠪᠯᠡᠯᠭᠡᠨ ᠤ  ᠭᠡᠰᠢᠭᠦᠳ  ᠪᠠᠶᠢᠩᠭᠤ ᠶᠢᠨ  ᠬᠤᠷᠢᠶᠠᠨ ‍ᠤ‌ᠠᠵᠢᠯ ᠤᠨ ᠢᠯᠡᠳᠬᠡᠯ᠂ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠵᠢ‌‍ᠰᠣᠨᠣᠰᠴᠤ ᠬᠢᠨᠠᠨ ᠶᠠᠷᠢᠯᠴᠠᠨ᠎ᠠ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠠᠴᠠ  ᠪᠠᠰᠠ  ᠵᠠᠷᠢᠮ‌ᠭᠤᠣᠯ ᠬᠠᠤᠯᠢ ᠶᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠤᠨ᠎ᠠ᠃ ᠲᠠᠪᠤᠨ ᠵᠢᠯ ᠪᠦᠷᠢ ᠳᠤ᠂ ᠥᠭᠡᠷ᠎ᠡ ᠪᠠᠷ  ᠬᠡᠯᠡᠪᠡᠯ‌ᠬᠤᠭᠤᠴᠠᠭ᠎ᠠ ᠪᠦᠷᠢ ᠶᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ‌‍ᠲ᠋ᠡᠭᠡᠷ᠎ᠡ ᠪᠠᠰᠠ ᠲᠦᠷᠦ ᠶᠢᠨ  ᠪᠠᠶᠢᠭᠤᠯᠤᠮᠵᠢ ᠶᠢᠨ  ᠪᠦᠷᠢᠯᠳᠦᠬᠦᠨ ᠢ  ᠰᠣᠩᠭᠤᠬᠤ  ᠪᠠ  ᠲᠣᠮᠢᠯᠠᠬᠤ ᠪᠠᠷ  ᠲᠣᠭᠲᠠᠭᠠᠬᠤ  ᠵᠡᠷᠭᠡ‌‍ᠪᠣᠯᠤᠨ᠎ᠠ᠃ ᠲᠥᠯᠥᠭᠡᠯᠡᠭᠴᠢᠳ ᠭᠡᠰᠢᠭᠦᠳ ᠴᠦ ᠠᠷᠠᠳ ᠤᠯᠠᠨ ᠤ ᠠᠩᠬᠠᠷᠴᠤ ᠪᠠᠶᠢᠭ᠎ᠠ  ᠬᠠᠯᠠᠭᠤᠨ  ᠴᠡᠭ ᠤᠨ  ᠠᠰᠠᠭᠤᠳᠠᠯ ‍ᠤᠨ‌‍ᠲ᠋ᠤᠬᠠᠢ ᠰᠠᠨᠠᠭᠤᠯᠭ᠎ᠠ ᠪᠤᠶᠤ ᠰᠠᠨᠠᠯ ᠵᠥᠪᠯᠡᠯᠭᠡ ᠪᠠᠨ ᠳᠡᠪᠰᠢᠭᠦᠯᠵᠦ᠂ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠳᠬᠡᠨ᠂ ᠠᠷᠠᠳ‌‍ᠲ᠋ᠦ᠋ᠮᠡᠨ ᠤ ᠬᠦᠰᠡᠯ ᠱᠠᠭᠠᠷᠳᠠᠯᠭ᠎ᠠ ᠶᠢ ᠲᠤᠰᠬᠠᠳᠠᠭ᠂ ᠵᠢᠱᠢᠶᠡᠯᠡᠪᠡᠯ ᠠᠵᠢᠯ ᠣᠯᠭᠤᠯᠲᠠ᠂ ᠰᠤᠷᠭᠠᠨ  ᠬᠥᠮᠦᠵᠢᠯ᠂  ᠡᠮ  ᠡᠮᠨᠡᠯᠭᠡ᠂ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠨᠢ ᠮᠠᠨ ᠤ ᠬᠥᠮᠦᠨ ᠨᠢᠭᠡᠪᠦᠷᠢ ᠶᠢᠨ ᠠᠵᠢᠯ ᠠᠮᠢᠳᠤᠷᠠᠯ ᠲᠠᠢ ᠴᠥᠮ ᠨᠢᠭᠲᠠ‌ᠬᠤᠯᠪᠣᠭ᠎ᠠ ᠲᠠᠢ ᠶᠤᠮ᠃        ᠪᠥᠬᠦ ᠤᠯᠤᠰ ᠤᠨ ᠬᠤᠶᠠᠷ ᠬᠤᠷᠠᠯ ᠳᠤ ᠲᠠ ᠶᠠᠮᠠᠷ ᠶᠠᠮᠠᠷ ᠠᠰᠠᠭᠤᠳᠠᠯ ᠳᠤ ᠠᠩᠬᠠᠷᠤᠯ ᠢᠶᠠᠨ  ᠬᠠᠨᠳᠤᠭᠤᠯᠲᠠᠭ  ᠶᠤᠮ ᠪᠣᠶ︖
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号