| ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 2 | ᠰᠠᠷ᠎ᠠ ᠶᠢᠨ 16 ᠤ ᠡᠳᠦᠷ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ | ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠬᠤᠷᠠᠯ ᠠᠴᠠ᠂ 3 ᠵᠢᠯ ᠭᠠᠷᠤᠢ ᠶᠢᠨ ᠲᠤᠷᠰᠢ᠂ ᠮᠠᠨ ᠤ ᠤᠯᠤᠰ ᠤᠨ ᠬᠢᠵᠢᠭ ᠲᠠᠢ ᠲᠡᠮᠡᠴᠡᠵᠦ ᠬᠢᠵᠢᠭ ᠢ | ᠰᠡᠷᠭᠡᠶᠢᠯᠡᠭᠰᠡᠨ ᠲᠡᠦᠬᠡᠨ ᠶᠠᠪᠤᠴᠠ ᠲᠦᠢᠯ ᠤᠨ ᠶᠡᠷᠦ ᠪᠤᠰᠤ ᠶᠤᠮ᠃ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ | ᠪᠠᠷᠢᠮᠲᠠᠯᠠᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ᠂ ᠴᠢᠩᠭ᠎ᠠ ᠬᠦᠴᠦᠲᠡᠢ ᠲᠡᠦᠬᠡ ᠶᠢᠨ ᠡᠭᠦᠷᠭᠡᠯᠡᠯ ᠪᠠ | ᠬᠦᠴᠦᠷᠬᠡᠭ ᠶᠡᠭᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠷ ᠴᠠᠭ ᠪᠠ ᠪᠠᠶᠢᠳᠠᠯ ᠳᠤ ᠲᠣᠬᠢᠷᠠᠭᠤᠯᠤᠨ | ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ | ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠡᠪᠡᠳᠴᠢᠯᠡᠭᠦᠯᠬᠦ ᠬᠦᠴᠦᠨ ᠢᠶᠠᠷ ᠨᠡᠯᠢᠶᠡᠳ ᠴᠢᠩᠭ᠎ᠠ᠂ ᠦᠭᠦᠭᠦᠯᠭᠦ | ᠨᠤᠷᠮ᠎ᠠ ᠨᠡᠯᠢᠶᠡᠳ ᠥᠨᠳᠥᠷ ᠸᠢᠷᠦ᠋ᠰ ᠤᠨ ᠥᠷᠭᠡᠨ ᠢᠶᠠᠷ ᠳᠡᠯᠭᠡᠷᠡᠬᠦ ᠠᠴᠠ ᠠᠮᠵᠢᠯᠲᠠ ᠲᠠᠢ ᠵᠠᠶᠢᠯᠠᠰᠬᠢᠵᠦ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠢ | ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠳᠤ ᠡᠷᠬᠢᠮ ᠨᠠᠨᠳᠢᠨ ᠴᠠᠭ ᠮᠥᠴᠡ ᠶᠢ ᠣᠯᠭᠤᠭᠰᠠᠨ ᠪᠠᠶᠢᠨ᠎ᠠ᠃ 2022 ᠣᠨ ᠤ 11 ᠰᠠᠷ᠎ᠠ ᠠᠴᠠ | ᠨᠠᠭᠠᠰᠢ᠂ ᠪᠢᠳᠡ ︽ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠬᠦ︾ ᠶᠢᠨ ᠲᠣᠭᠤᠷᠢᠨ ᠳᠤ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ ᠲᠣᠬᠢᠷᠠᠭᠤᠯᠵᠤ᠂ ᠨᠡᠯᠢᠶᠡᠳ | ᠣᠬᠤᠷ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠭᠤᠨ ᠢᠶᠠᠷ ᠱᠠᠲᠤ | ᠬᠤᠭᠤᠴᠠᠭ᠎ᠠ ᠰᠢᠯᠵᠢᠭᠦ ᠶᠢ ᠪᠡᠶᠡᠯᠡᠭᠦᠯᠵᠦ᠂ 2 ᠳ᠋ᠦᠩᠰᠢᠭᠤᠷ ᠭᠠᠷᠤᠢ ᠬᠥᠮᠥᠨ ᠢ ᠡᠮᠨᠡᠨ ᠵᠠᠰᠠᠵᠤ᠂ 80 ᠲᠦᠮᠡ | ᠰᠢᠬᠠᠮ ᠬᠦᠨᠳᠦ ᠡᠪᠡᠳᠴᠢᠲᠡᠨ ᠢ ᠪᠦᠲᠦᠮᠵᠢᠲᠡᠶ ᠠᠪᠤᠷᠠᠨ ᠵᠠᠰᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠦᠬᠦᠬᠦ ᠨᠣᠷᠮ᠎ᠠ ᠶᠢ ᠪᠦᠭᠦ ᠪᠥᠮᠪᠥᠷᠴᠡᠭ ᠤᠨ ᠬᠠᠮᠤᠭ ᠤᠨ ᠳᠣᠣᠷ᠎ᠠ ᠲᠦᠪᠰᠢᠨ ᠳᠤ | ᠪᠠᠶᠢᠯᠭᠠᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ | ᠴᠢᠨᠠᠷᠲᠠᠢ ᠢᠯᠠᠯᠲᠠ ᠶᠢ ᠣᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠡᠦᠬᠡᠨ ᠳᠡᠭᠡᠷᠡᠬᠢ ᠬᠥᠮᠥᠨ ᠠᠮᠠ | ᠣᠯᠠᠨᠲᠠᠢ ᠶᠡᠭᠡ ᠤᠯᠤᠰ ᠤᠨ ᠬᠢᠵᠢᠭ ᠶᠡᠭᠡ ᠪᠠᠷ ᠦᠷᠪᠢᠰᠦᠨ ᠳᠡᠯᠭᠡᠷᠡᠬᠦ ᠶᠢ ᠬᠤᠷᠢᠭᠯᠠᠵᠤ ᠴᠢᠳᠠᠭᠰᠠᠨ ᠭᠠᠶᠢᠬᠠᠮᠰᠢᠭ ᠢ | ᠡᠭᠦᠳᠴᠡᠢ᠃ ᠨᠠᠮ ᠤᠨ ᠲᠥᠪ ᠬᠤᠷᠢᠶ᠎ᠠ ᠶᠢᠨ ᠬᠢᠵᠢᠭ ᠤᠨ ᠪᠠᠶᠢᠳᠠᠯ ᠤᠨ ᠲᠤᠬᠠᠢ ᠴᠢᠬᠤᠯᠠ ᠶᠡᠭᠡ ᠮᠠᠭᠠᠳᠯᠠᠯᠲᠠ᠂ | ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠰᠡᠷᠭᠡᠶᠢᠯᠡᠨ ᠡᠵᠡᠮᠳᠡᠬᠦ | ᠠᠷᠭ᠎ᠠ ᠪᠣᠳᠣᠯᠭ᠎ᠠ ᠶᠢᠨ ᠴᠢᠬᠤᠯᠠ ᠶᠡᠭᠡ ᠲᠣᠬᠢᠷᠠᠭᠤᠯᠤᠯᠲᠠ ᠪᠣᠯ ᠪᠦᠷᠢᠮᠦᠰᠦᠨ ᠵᠥᠪ ᠶᠤᠮ᠂ ᠠᠷᠭ᠎ᠠ ᠬᠡᠮᠵᠢᠶ᠎ᠡ ᠨᠢ | ᠬᠦᠴᠦᠲᠡᠢ᠂ ᠤᠯᠠᠨ ᠲᠦᠮᠡᠨ ᠳᠤ ᠮᠡᠳᠡᠷᠡᠭᠳᠡᠵᠦ᠂ ᠦᠷ᠎ᠡ ᠪᠦᠲᠦᠮᠵᠢ ᠨᠢ ᠯᠤᠲᠤ ᠶᠡᠭᠡ ᠭᠡᠳᠡᠭ ᠢ ᠦᠢᠯᠡᠳᠦᠯᠭᠡ | ᠭᠡᠷᠡᠴᠢᠯᠡᠵᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠳᠤ ᠪᠦᠭᠦ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ | ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ | ᠶᠢᠨ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠱᠠᠲᠤᠨ ᠳᠤ ᠲᠣᠭᠲᠠᠭᠤᠨ ᠢᠶᠠᠷ ᠣᠷᠣᠪᠠ᠂ ᠭᠡᠪᠡᠴᠦ ᠪᠦᠭᠦ | ᠪᠥᠮᠪᠥᠷᠴᠡᠭ ᠲᠤ ᠬᠢᠵᠢᠭ ᠮᠥᠨ ᠬᠦ ᠳᠡᠯᠭᠡᠷᠡᠵᠦ᠂ ᠸᠢᠷᠦ᠋ᠰ ᠮᠥᠨ ᠬᠦ ᠲᠠᠰᠤᠷᠠᠯᠲᠠ ᠦᠭᠡᠢ ᠣᠨᠳᠣᠣᠰᠢᠨ ᠬᠤᠪᠢᠷᠠᠵᠤ | ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠰᠠᠨᠠᠭ᠎ᠠ ᠲᠠᠯᠪᠢᠬᠤ | ᠬᠠᠷᠢᠭᠤᠴᠠᠯᠭᠠᠲᠤ ᠰᠡᠳᠬᠢᠯᠭᠡ ᠪᠠᠷ 3 ᠵᠢᠯ ᠭᠠᠷᠤᠢ ᠶᠢᠨ ᠲᠤᠷᠰᠢᠬᠢ ᠢᠯᠠᠩᠭᠤᠶ᠎ᠠ ᠣᠶᠢᠷ᠎ᠠ ᠶᠢᠨ ᠨᠢᠭᠡ ᠬᠡᠰᠡᠭ | ᠬᠤᠭᠤᠴᠠᠭᠠᠨ ᠤ ᠲᠤᠷᠰᠢᠯᠭ᠎ᠠ ᠠᠷᠭ᠎ᠠ ᠬᠢᠳᠡᠯ ᠢᠶᠠᠨ ᠭᠦᠨᠵᠡᠭᠡᠢ ᠳ᠋ᠦᠩᠨᠡᠵᠦ᠂ ᠬᠠᠮᠢᠶ᠎ᠠ ᠪᠦᠬᠦᠢ ᠲᠣᠭᠲᠠᠴᠠ ᠪᠠ ᠠᠷᠭ᠎ᠠ | ᠬᠡᠮᠵᠢᠶ᠎ᠡ ᠪᠠᠨ ᠲᠡᠭᠦᠯᠳᠡᠷᠵᠢᠭᠦᠯᠵᠦ᠂ ᠰᠢᠨ᠎ᠡ ᠱᠠᠲᠤ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ ᠭᠢᠯᠪᠠᠷ ᠪᠤᠰᠤ ᠪᠠᠷ ᠣᠯᠣᠭᠰᠠᠨ ᠴᠢᠬᠤᠯᠠ ᠶᠡᠭᠡ | ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ | ᠪᠣᠳᠠᠲᠠᠶᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠲᠠᠢ ᠬᠥᠮᠥᠰ ᠢ | ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠤᠳᠤ ᠶᠢᠨ ᠪᠠᠶᠢᠭ᠎ᠠ ᠠᠵᠢᠯ ᠤᠨ ᠰᠠᠭᠤᠷᠢᠨ ᠳᠡᠭᠡᠷ᠎ᠡ ᠲᠠᠭᠢᠨ | ᠠᠬᠢᠭᠤᠯᠵᠤ ᠲᠠᠭᠢᠨ ᠨᠠᠶᠢᠳᠠᠪᠤᠷᠢᠵᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠪᠠ | ᠪᠠᠶᠢᠩᠭᠤᠵᠢᠭᠤᠯᠤᠨ ᠤᠷᠢᠳᠴᠢᠯᠠᠨ ᠰᠡᠷᠡᠮᠵᠢᠯᠡᠭᠦᠯᠭᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠰᠢᠰᠲ᠋ᠧᠮ ᠪᠣᠯᠣᠨ ᠮᠡᠳᠡᠭᠡ ᠵᠠᠩᠭᠢ ᠶᠢ ᠮᠡᠳᠡᠭᠦᠯᠭᠦ ᠳᠦᠷᠢᠮ ᠢ ᠪᠦᠷᠢᠨᠰᠢᠭᠦᠯᠵᠦ | ᠂ ᠴᠠᠭ ᠲᠤᠬᠠᠢ ᠳᠤᠨᠢ ᠣᠨᠣᠪᠴᠢᠲᠠᠶ ᠤᠷᠢᠳᠴᠢᠯᠠᠨ ᠰᠡᠷᠡᠮᠵᠢᠯᠡᠭᠦᠯᠭᠦ ᠶᠢᠨ ᠬᠠᠮᠲᠤ ᠴᠢᠬᠤᠯᠠ ᠪᠦᠬᠦᠢ ᠪᠠᠴᠢᠮ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠸᠢᠷᠦ᠋ᠰ ᠤᠨ ᠣᠨᠳᠣᠣᠰᠢᠯ ᠪᠠ ᠸᠠᠺᠼᠢᠨ ᠤ | ᠬᠠᠮᠠᠭᠠᠯᠠᠯᠲᠠ ᠶᠢᠨ ᠪᠠᠶᠢᠳᠠᠯ ᠢ ᠦᠨᠳᠦᠰᠦᠯᠡᠨ᠂ ᠲᠠᠷᠠᠭᠠᠴᠢ ᠶᠢᠨ ᠱᠠᠲᠤᠨ ᠤ ᠸᠠᠺᠼᠢᠨ ᠤ ᠲᠠᠷᠢᠯᠭ᠎ᠠ ᠬᠢᠬᠦ ᠠᠵᠢᠯ ᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠰᠤᠲᠠᠶᠢᠴᠤᠳ ᠤᠨ ᠲᠠᠷᠢᠯᠭ᠎ᠠ ᠬᠢᠬᠦ ᠨᠣᠷᠮ᠎ᠠ ᠶᠢ ᠦᠷᠭᠦᠯᠵᠢᠯᠡᠨ | ᠳᠡᠭᠡᠭᠰᠢᠯᠡᠭᠦᠯᠭᠦ ᠬᠡᠷᠡᠭᠲᠡᠢ᠃ ᠪᠠᠶᠢᠩᠭᠤᠵᠢᠭᠰᠠᠨ ᠲᠡᠰ ᠬᠤᠪᠢᠶᠠᠬᠤ ᠱᠠᠲᠤ ᠬᠤᠪᠢᠶᠠᠬᠤ ᠲᠠᠷᠬᠠᠭᠠᠬᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠬᠢ ᠪᠠᠶᠠᠯᠢᠭ ᠤᠨ | ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠪᠠᠷ ᠭᠤᠣᠯ ᠴᠣᠭᠴᠠ ᠪᠤᠯᠭᠠᠬᠰᠠᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠣᠣᠷ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠮᠴᠢᠯᠡᠭᠡᠨ ᠤ ᠡᠳ᠋ ᠪᠣᠳᠠᠰ ᠤᠨ | ᠦᠢᠯᠡᠳᠪᠦᠷᠢᠯᠡᠯ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂ ᠨᠥᠭᠡᠴᠡᠯᠡᠬᠦ ᠳᠦᠷᠢᠮ ᠪᠣᠯᠣᠨ ᠭᠠᠷᠴᠠᠭ ᠢ | ᠲᠡᠭᠦᠯᠳᠡᠷᠵᠢᠭᠦᠯᠵᠦ᠂ ᠠᠵᠢᠯᠲᠠᠨ᠂ ᠡᠳ᠋ ᠪᠣᠳᠠᠰ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠲᠣᠭᠲᠠᠴᠠ ᠶᠢ | ᠪᠠᠬᠢᠵᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠴᠢᠳᠠᠪᠤᠷᠢ᠂ ᠡᠮ ᠤᠨ ᠵᠦᠢᠯᠡᠰ᠂ | ᠲᠤᠨᠤᠭ ᠲᠥᠬᠦᠭᠡᠷᠦᠮᠵᠢ ᠵᠡᠷᠭᠡ ᠲᠠᠯ᠎ᠠ ᠶᠢᠨ ᠳᠤᠲᠠᠭᠤᠳᠠᠯ ᠪᠠᠭᠤᠷᠠᠢ ᠲᠠᠯ᠎ᠠ ᠶᠢ ᠦᠨᠡᠨ ᠬᠦ ᠰᠠᠶᠢᠲᠤᠷ ᠰᠢᠢᠳᠪᠦᠷᠢᠯᠡᠬᠦ | ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠢ | ᠬᠤᠷᠠᠮᠳᠤᠭᠤᠯᠤᠨ ᠠᠮᠢ ᠨᠠᠰᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠬᠢᠵᠢᠭ ᠲᠠᠢ ᠲᠡᠮᠡᠴᠡᠭᠰᠡᠨ ᠴᠢᠬᠤᠯᠠ ᠦᠷ᠎ᠡ ᠪᠦᠲᠦᠭᠡᠯ ᠢ ᠬᠤᠪᠢ ᠳᠠᠭᠢᠨ ᠨᠠᠨᠳᠢᠩᠨᠠᠵᠤ᠂ | ᠳᠤᠮᠳᠠᠳᠤ ᠤᠯᠤᠰ ᠤᠨ ᠬᠢᠵᠢᠭ ᠲᠠᠢ ᠲᠡᠮᠡᠴᠡᠭᠰᠡᠨ ᠥᠯᠢᠭᠡᠷ ᠢ ᠰᠠᠶᠢᠲᠤᠷ ᠶᠠᠷᠢᠵᠤ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠵᠣᠷᠢᠭᠵᠢᠭᠤᠯᠤᠨ ᠵᠠᠪᠠᠯ ᠢᠯᠠᠬᠤ ᠢᠲᠡᠭᠡᠯ ᠵᠣᠷᠢᠭ ᠢᠶᠠᠨ | ᠪᠠᠲᠤᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠠᠷᠰᠢ ᠰᠠᠭᠠᠳ ᠢ ᠢᠯᠡᠨ ᠳᠠᠪᠠᠵᠤ᠂ ᠡᠷᠡᠮᠡᠬᠡᠶᠢᠯᠡᠨ | ᠤᠷᠤᠭᠰᠢᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |