ᠸᠠᠩ ᠴᠢᠶᠠᠩ᠄ 40 ᠵᠢᠯ ᠤᠨ ᠲᠤᠷᠰᠢ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠪᠠᠶᠢᠷᠢ ᠶᠢ ᠪᠠᠲᠤ ᠰᠠᠬᠢᠪᠠ
ᠨᠡᠶᠢᠲᠡᠯᠡᠭᠰᠡᠨ ᠴᠠᠭ᠄
2023/2/21
            ᠰᠤᠷᠪᠤᠯᠵᠢᠯᠠᠭᠴᠢ ᠸᠠᠩ ᠫᠢᠩ    ︽ᠡᠮᠦᠨᠡᠲᠦ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠳᠤ ᠬᠦᠴᠦ ᠨᠡᠮᠡᠷᠢᠯᠡᠵᠦ᠂ ᠮᠠᠯᠴᠢᠨ ᠲᠠᠷᠢᠶᠠᠴᠢᠨ ᠢ ᠬᠠᠪᠰᠤᠷᠤᠨ ᠣᠷᠣᠯᠭ᠎ᠠ ᠶᠢ ᠨᠢ ᠳᠡᠭᠡᠭᠰᠢᠯᠡᠭᠦᠯᠬᠦ ᠪᠣᠯ ᠮᠢᠨᠦ ᠠᠵᠢᠯ ᠤᠨ ᠠᠴᠢ ᠬᠤᠯᠪᠣᠭᠳᠠᠯ ᠪᠣᠯᠤᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠡᠷᠬᠢᠯᠡᠭᠴᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠤᠳᠤᠯᠭᠠᠲᠠᠨ ᠸᠠᠩ ᠴᠢᠶᠠᠩ ᠡᠷᠡᠰ ᠪᠠᠲᠤ ᠪᠠᠷ ᠬᠡᠯᠡᠪᠡ᠃    1983 ᠣᠨ ᠳᠤ᠂ ᠰᠠᠶ᠋ᠢᠬᠠᠨ ᠠᠵᠢᠯ ᠳᠤ ᠤᠷᠤᠭᠰᠠᠨ ᠸᠠᠩ ᠴᠢᠶᠠᠩ ᠦᠨᠳᠦᠰᠦᠨ ᠱᠠᠲᠤᠨ ᠳᠤ ᠦᠨᠳᠦᠰᠦᠯᠡᠵᠦ᠂ ᠦᠬᠡᠷ ᠬᠤᠨᠢ ᠲᠠᠢ ᠬᠠᠨᠢᠯᠠᠭᠰᠠᠨ ᠮᠠᠯ ᠤᠨ ᠡᠮᠴᠢ ᠶᠢᠨ ᠠᠵᠢᠯ ᠢ ᠬᠢᠵᠡᠶ᠃ 40 ᠵᠢᠯ ᠤᠨ ᠲᠤᠷᠰᠢ᠂ ᠲᠡᠷᠡ ᠳᠤᠷᠠᠲᠠᠶ᠎ᠠ ᠮᠠᠯ ᠠᠵᠤ ᠠᠬᠤᠢ ᠶᠢᠨ ᠳᠡᠯᠭᠡᠷᠡᠭᠦᠯᠦᠯᠲᠡ ᠶᠢᠨ ︽ᠠᠷᠠᠯ ᠤᠨ ᠱᠠᠷ︾ ᠪᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ︽ᠰᠡᠳᠬᠢᠯ ᠤᠨ ᠬᠥᠮᠦᠨ︾ ᠪᠤᠯᠵᠤ᠂  ᠡᠮᠦᠨᠡᠳᠦ ᠬᠤᠰᠢᠭᠤᠨ ᠤ ᠡᠯ᠎ᠡ ᠰᠢᠶᠠᠩ ᠪᠠᠯᠭᠠᠰᠤ ᠰᠤᠮᠤ ᠳᠤ ᠤᠯᠠ ᠮᠥᠷ ᠲᠦᠭᠡᠵᠦ᠂ ᠵᠠᠯᠠᠭᠤ ᠨᠠᠰᠤ ᠪᠠᠨ ᠮᠠᠯ ᠠᠵᠤ ᠠᠬᠤᠢ ᠶᠢᠨ ᠦᠢᠯᠡᠰ ᠲᠤ ᠵᠣᠷᠢᠭᠤᠯᠵᠠᠢ᠃ 40 ᠵᠢᠯ ᠤᠨ ᠲᠤᠷᠰᠢ᠂ ᠲᠡᠷᠡ ᠰᠢᠨᠵᠢᠯᠡᠬᠦ ᠤᠬᠠᠭᠠᠨ ᠮᠡᠷᠭᠡᠵᠢᠯ ᠢᠶᠠᠷ 1.3 ᠲᠦᠮᠡ ᠭᠠᠷᠤᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠷᠦᠬᠡ ᠶᠢ ᠬᠠᠪᠰᠤᠷᠤᠨ ᠲᠡᠳᠬᠦᠵᠦ᠂ 10 ᠭᠠᠷᠤᠢ ᠲᠦᠮᠡᠨ ᠬᠥᠮᠦᠨ ᠤᠳᠠᠭ᠎ᠠ ᠮᠠᠯᠴᠢᠨ ᠲᠠᠷᠢᠶᠠᠴᠢᠨ ᠳᠤ ᠦᠢᠯᠡᠴᠢᠯᠡᠵᠦ᠂ 12 ᠮᠠᠯᠴᠢᠨ ᠲᠠᠷᠢᠶᠠᠴᠢᠨ ᠤ ᠰᠦᠯᠵᠢᠶᠡᠨ ᠤ  ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ 5 ᠲᠦᠮᠡ ᠭᠠᠷᠤᠢ ᠮᠠᠯ ᠵᠢᠭᠦᠷᠲᠡᠨ ᠤ ᠡᠪᠡᠳᠴᠢᠨ ᠤ ᠵᠢᠱᠢᠶ᠎ᠡ ᠶᠢ ᠣᠨᠣᠰᠢᠯᠠᠵᠤ᠂ ᠲᠡᠮᠳᠡᠭᠯᠡᠯ ᠲᠠᠢ ᠮᠠᠯᠴᠢᠨ ᠲᠠᠷᠢᠶᠠᠴᠢᠨ ᠳᠤ ᠦᠢᠯᠡᠴᠢᠯᠡᠬᠦ ᠡᠳᠦᠷ ᠤᠨ ᠲᠡᠮᠳᠡᠭᠯᠡᠯ 18 ᠳᠡᠪᠲᠡᠷ ᠬᠦᠷᠴᠡᠢ ᠁    ᠸᠠᠩ ᠴᠢᠶᠠᠩ ᠬᠡᠯᠡᠬᠦ ᠳᠡᠭᠡᠨ᠂ ᠲᠡᠭᠦᠨ ᠤ ᠬᠠᠮᠤᠭ ᠤᠨ ᠶᠠᠭᠠᠷᠠᠯᠲᠠᠶ ᠬᠠᠮᠤᠭ ᠤᠨ ᠬᠦᠴᠢᠷᠲᠡᠶ ᠴᠠᠭ ᠪᠣᠯ 2001 ᠣᠨ ᠠᠴᠠ 2007 ᠣᠨ ᠪᠣᠯᠲᠠᠯ᠎ᠠ᠂ ᠲᠡᠷᠡ ᠲᠠᠯ᠎ᠠ ᠨᠤᠲᠤᠭ ᠤᠨ ᠬᠢᠯᠢ ᠶᠢᠨ ᠪᠣᠭᠤᠮᠲᠠ ᠳᠤ ᠲᠣᠮᠢᠯᠠᠭᠳᠠᠨ ᠬᠦᠷᠴᠦ ᠭᠠᠮᠰᠢᠭ ᠢ ᠡᠰᠡᠷᠭᠦᠴᠡᠨ ᠮᠠᠯ ᠰᠦᠷᠦᠭ ᠢᠶᠠᠨ ᠬᠠᠮᠠᠭᠠᠯᠠᠵᠤ᠂ ᠬᠠᠪᠤᠷ ᠡᠷᠲᠡ ᠬᠤᠷᠠᠭ᠎ᠠ ᠲᠤᠰᠬᠤ ᠳᠠᠭᠠᠨ ᠡᠳᠦᠷ ᠰᠥᠨᠢ ᠢᠯᠭᠠᠯ ᠦᠭᠡᠶ ᠪᠠᠷ ᠬᠤᠨᠢᠨ ᠤ ᠪᠠᠨ ᠰᠦᠷᠦᠭ ᠢ ᠬᠠᠷᠠᠵᠤ᠂ ᠨᠦᠢᠷ ᠬᠦᠷᠴᠦ ᠨᠦᠢᠷᠮᠣᠭᠯᠠᠵᠤ᠂ ᠥᠯᠥᠰᠪᠡᠯ ᠬᠠᠭᠤᠷᠠᠶ ᠬᠦᠨᠡᠰᠦ ᠢᠳᠡᠵᠦ᠂ 30 ᠭᠠᠷᠤᠶ ᠡᠳᠦᠷ ᠳᠠᠷᠠᠭᠠᠯᠠᠨ ᠬᠤᠨᠢᠨ ᠤ ᠪᠠᠨ ᠬᠠᠰᠢᠶᠠᠨ ᠳᠤ ᠤᠨᠲᠠᠵᠠᠶ᠃ ᠲᠡᠭᠦᠨ ᠤ ᠬᠦᠢᠳᠡᠨ ᠤᠷᠤᠰᠬᠠᠯ ᠳᠤ ᠬᠦᠯᠳᠡᠭᠰᠡᠨ ᠬᠠᠴᠠᠷ ᠪᠣᠯᠤᠨ ᠭᠠᠷ ᠤᠨ ᠬᠤᠷᠤᠭᠤ ᠪᠠᠨ ᠰᠢᠷᠬᠠᠲᠤᠭᠤᠯᠤᠭᠰᠠᠨ ᠢ ᠬᠠᠷᠠᠭᠠᠳ ᠮᠠᠯᠴᠢᠳ ᠸᠠᠩ ᠴᠢᠶᠠᠩ ᠢ ᠭᠡᠷ ᠲᠤ ᠣᠷᠣᠵᠤ ᠳᠤᠯᠠᠭᠠᠯᠠ ᠭᠡᠵᠦ ᠢᠳᠬᠠᠵᠤ᠂ ᠲᠡᠭᠦᠨ ᠳᠤ ᠬᠠᠯᠠᠭᠤᠨ  ᠰᠦ ᠲᠠᠢ ᠴᠠᠢ ᠬᠦᠷᠭᠡᠵᠦ ᠥᠭᠪᠡ᠃  ︽ᠮᠠᠯᠴᠢᠳ ᠤᠨ ᠦᠬᠡᠷ ᠬᠤᠨᠢ ᠶᠢ ᠰᠠᠶᠢᠲᠤᠷ ᠬᠠᠮᠠᠭᠠᠯᠠᠵᠤ ᠴᠢᠳᠠᠭᠰᠠᠨ ᠴᠤ ᠬᠡᠳᠦᠶ ᠵᠦᠳᠡᠷᠡᠵᠦ ᠬᠡᠳᠦᠶ ᠶᠠᠳᠠᠷᠠᠭᠰᠠᠨ ᠴᠤ ᠪᠡᠨ᠎ᠡ ᠲᠠᠢ ᠶᠤᠮ︾ ᠭᠡᠵᠦ ᠸᠠᠩ ᠴᠢᠶᠠᠩ ᠬᠡᠯᠡᠪᠡ᠃    7 ᠵᠢᠯ ᠤᠨ ᠬᠤᠭᠤᠴᠠᠭᠠᠨ ᠳᠤ᠂ ᠸᠠᠩ ᠴᠢᠶᠠᠩ ᠡᠪᠡᠳᠴᠢᠨ ᠰᠡᠷᠭᠡᠶᠢᠯᠡᠬᠦ ᠳᠥᠷᠪᠡᠨ  ᠵᠦᠢᠯ ᠤᠨ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠪᠡ  ᠂ ᠬᠢᠯᠢ ᠬᠢᠵᠠᠭᠠᠷ ᠤᠨ ᠲᠠᠯ᠎ᠠ ᠨᠤᠲᠤᠭ ᠤᠨ ᠦᠬᠡᠷ᠂ ᠮᠣᠷᠢᠨ ᠤ ᠲᠠᠩ ᠳᠡᠭᠡᠰᠦ ᠪᠠᠷ ᠵᠥᠭᠡᠯᠡᠨ ᠪᠠᠬᠢᠯᠡᠨ ᠲᠦᠷᠭᠡᠨ ᠴᠢᠰᠤ ᠠᠪᠬᠤ ᠠᠷᠭ᠎ᠠ︔ ᠴᠢᠨ᠋ᠸ᠎ᠠ ᠳᠤ ᠬᠠᠵᠠᠭᠳᠠᠭᠰᠠᠨ ᠰᠢᠷᠬ᠎ᠠ ᠶᠢ ᠡᠮᠨᠡᠨ ᠵᠠᠰᠠᠵᠤ᠂ ᠥᠲᠥ ᠶᠢ ᠰᠡᠷᠭᠡᠶᠢᠯᠡᠨ ᠢᠯᠵᠢᠮᠡᠭ ᠠᠴᠠ ᠪᠤᠯᠴᠢᠩ ᠤᠨ ᠰᠠᠷᠨᠢᠯ ᠢ ᠠᠷᠢᠯᠭᠠᠨ᠎ᠠ᠃  ᠲᠠᠯ᠎ᠠ ᠨᠤᠲᠤᠭ ᠤᠨ ᠬᠥᠮᠦᠨ ᠮᠠᠯ ᠤᠨ ᠬᠥᠯᠳᠡᠭᠰᠡᠨ ᠰᠢᠷᠬ᠎ᠠ ᠶᠢ ᠵᠠᠰᠠᠨ᠎ᠠ︔ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠴᠡᠷᠢᠭ ᠤᠨ ᠠᠭᠲᠠ ᠳᠤ ᠡᠷᠡᠭᠦᠯ ᠮᠡᠨᠳᠦ ᠶᠢ ᠬᠠᠮᠠᠭᠠᠯᠠᠬᠤ ᠲᠥᠰᠦᠯ ᠲᠣᠭᠲᠠᠭᠠᠬᠤ ᠶᠢᠨ ᠬᠠᠮᠲᠤ᠂ ᠥᠷᠭᠡᠨ ᠵᠡᠭᠦᠦ ᠪᠠᠷ ᠲᠣᠭᠤᠷᠢᠨ ᠴᠠᠭᠳᠠᠬᠤ ᠴᠡᠷᠢᠭ ᠤᠨ ᠠᠭᠲᠠ ᠶᠢᠨ ᠲᠤᠭᠤᠷᠠᠶ ᠶᠢᠨ ᠦᠷᠪᠢᠰᠦᠯ ᠢ ᠡᠮᠨᠡᠨ ᠵᠠᠰᠠᠬᠤ ᠶᠢ ᠰᠢᠨ᠎ᠡ ᠪᠠᠷ ᠰᠤᠳᠤᠯᠤᠨ ᠭᠠᠷᠭᠠᠪᠠ᠃ ᠡᠨᠡ ᠳᠦᠷᠪᠡᠨ ᠵᠦᠢᠯ ᠤᠨ ᠮᠡᠷᠭᠡᠵᠢᠯ ᠢ ᠪᠣᠳᠠᠲᠤ ᠦᠷ᠎ᠡ ᠪᠦᠲᠦᠮᠵᠢ ᠪᠠᠷ ᠳᠠᠮᠵᠢᠭᠤᠯᠤᠨ ᠳᠡᠯᠭᠡᠷᠡᠭᠦᠯᠵᠦ᠂ ᠵᠢᠯ ᠪᠦᠷᠢ ᠲᠤᠬᠠᠶ ᠶᠢᠨ ᠭᠠᠵᠠᠷ ᠲᠠᠭᠠᠨ 3 ᠲᠦᠮᠡ ᠭᠠᠷᠤᠶ ᠲᠥᠭᠦᠷᠢᠭ ᠤᠨ ᠠᠵᠤ ᠠᠬᠤᠶ ᠶᠢᠨ ᠦᠷ᠎ᠡ ᠠᠰᠢᠭ ᠢ ᠡᠭᠦᠳᠦᠨ ᠥᠭᠴᠦ ᠪᠠᠶᠢᠨ᠎ᠠ᠃    ᠨᠠᠩ ᠣᠯᠠᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠶᠢᠨ ᠲᠥᠯᠥᠭᠡ᠂ ᠸᠠᠩ ᠴᠢᠶᠠᠩ ᠠᠵᠢᠯ ᠤᠨ ᠲᠤᠷᠰᠢᠯᠭ᠎ᠠ ᠪᠠᠨ ᠳ᠋ᠦᠩᠨᠡᠵᠦ ︽ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠤ ᠬᠡᠪ ᠴᠢᠨᠠᠷ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠤᠩᠰᠢᠬᠤ ᠪᠢᠴᠢᠭ︾ ︽ᠦᠬᠡᠷ ᠬᠤᠨᠢᠨ ᠤ ᠪᠷᠦ᠋ᠼᠧᠯ ᠡᠪᠡᠳᠴᠢᠨ ᠬᠢᠭᠡᠳ ᠪᠠᠭᠯᠠᠭᠴᠢ ᠬᠤᠷᠣᠬᠠᠶ ᠶᠢᠨ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ︾ ︽ᠠᠵᠤ ᠦᠢᠯᠡᠰ ᠢᠶᠠᠷ ᠶᠠᠳᠠᠭᠤ ᠶᠢ ᠲᠡᠳᠬᠦᠵᠦ ᠠᠯᠠᠰᠢᠨ ᠡᠯᠵᠢᠭᠡ ᠲᠡᠵᠢᠭᠡᠨ ᠦᠷᠡᠵᠢᠭᠦᠯᠵᠦ ᠡᠪᠡᠳᠴᠢᠨ ᠰᠡᠷᠭᠡᠶᠢᠯᠡᠬᠦ ᠮᠡᠷᠭᠡᠵᠢᠯ︾ ᠪᠠ ︽ᠨᠠᠳᠠ ᠠᠴᠠ ᠦᠬᠡᠷ ᠲᠡᠵᠢᠭᠡᠬᠦ ᠶᠢ ᠰᠤᠷᠬᠤ︾ ᠶᠢ ᠨᠠᠶᠢᠷᠠᠭᠤᠯᠤᠨ ᠪᠢᠴᠢᠪᠡ᠃ ᠲᠡᠷᠡ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ᠂ ᠲᠣᠰᠬᠤᠨ ᠤ ᠠᠷᠠᠳ ᠤᠨ ᠵᠥᠪᠯᠡᠯ ᠤᠨ ᠬᠤᠷᠠᠯ ᠤᠨ ᠭᠡᠷ᠂ ᠮᠠᠯᠵᠢᠬᠤ ᠲᠠᠷᠢᠶᠠᠯᠠᠬᠤ ᠡᠷᠦᠬᠡ ᠶᠢᠨ ᠲᠡᠵᠢᠭᠡᠨ ᠦᠷᠡᠵᠢᠭᠦᠯᠬᠦ ᠲᠠᠯᠠᠪᠠᠢ ᠬᠦᠷᠢᠶᠡᠯᠡᠩ ᠵᠡᠷᠭᠡ ᠲᠠᠯᠠᠪᠤᠷ ᠢ ᠠᠰᠢᠭᠯᠠᠵᠤ᠂ ᠮᠠᠯᠴᠢᠨ ᠲᠠᠷᠢᠶᠠᠴᠢᠨ ᠳᠤ ᠰᠤᠷᠤᠯᠴᠠᠬᠤ ᠮᠠᠲ᠋ᠧᠷᠢᠶᠠᠯ ᠲᠠᠷᠬᠠᠭᠠᠬᠤ ᠶᠢᠨ ᠬᠠᠮᠲᠤ ᠲᠠᠶᠢᠯᠤᠮᠵᠢ ᠬᠢᠵᠡᠢ︔ ᠮᠠᠯᠴᠢᠨ ᠲᠠᠷᠢᠶᠠᠴᠢᠨ ᠤ ᠮᠡᠷᠭᠡᠵᠢᠯ ᠤᠨ ᠳᠠᠭᠠᠭᠤᠯᠤᠭᠴᠢ ᠶᠢ ᠬᠥᠮᠦᠵᠢᠭᠦᠯᠵᠦ᠂ ᠲᠣᠰᠬᠤᠨ ᠤ ᠳᠡᠰ ᠤᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠠᠪᠰᠤᠷᠤᠯᠴᠠᠨ ᠲᠡᠳᠬᠦᠬᠦ ᠳᠤᠭᠤᠶᠢᠯᠠᠩ ᠢ ᠪᠠᠶᠢᠭᠤᠯᠵᠤ᠂ ᠨᠡᠩ ᠤᠯᠠᠨ ᠬᠥᠮᠦᠨ ᠢ ᠳᠠᠶᠢᠴᠢᠯᠠᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠪᠠᠷ ᠳᠠᠮᠵᠢᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠪᠡ︔ ᠥᠪᠡᠷ ᠢᠶᠠᠨ ᠪᠡᠯᠡ ᠮᠥᠩᠭᠦ ᠴᠤᠭᠯᠠᠭᠤᠯᠵᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠶᠢ ᠬᠠᠪᠰᠤᠷᠤᠨ ᠲᠡᠳᠬᠦᠬᠦ ᠦᠢᠯᠡᠴᠢᠯᠡᠭᠡ ᠬᠠᠩᠭᠠᠨ᠎ᠠ︔ ᠥᠪᠡᠷ ᠤᠨ ᠵᠠᠷᠤᠳᠠᠯ ᠢᠶᠠᠷ ᠰᠡᠷᠭᠡᠶᠢᠯᠡᠨ ᠵᠠᠰᠠᠬᠤ ᠡᠮ ᠤᠨ  ᠵᠦᠢᠯ ᠢ ᠬᠤᠳᠠᠯᠳᠤᠨ ᠠᠪᠬᠤ ᠳᠤ ᠪᠠᠶᠢᠭ᠎ᠠ ᠲᠣᠰᠬᠤᠨ ᠤ ᠪᠠᠨ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢ ᠭᠤᠤᠯᠳᠠᠯᠭ᠎ᠠ ᠲᠠᠢ ᠪᠠᠷ ᠡᠷᠦᠬᠡ ᠳᠤ ᠣᠷᠣᠭᠤᠯᠤᠨ ᠵᠢᠯᠣᠭᠤᠳᠬᠤ ᠪᠣᠳᠠᠲᠠᠶ ᠠᠵᠢᠯᠯᠠᠭ᠎ᠠ ᠶᠢ ᠬᠢᠵᠦ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠳᠤ ᠲᠡᠵᠢᠭᠡᠨ ᠠᠷᠠᠴᠢᠯᠠᠬᠤ ᠬᠠᠮᠢᠶᠠᠷᠤᠯᠲᠠ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠡᠷᠭᠡ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃     ︽ᠣᠯᠠᠨ ᠲᠦᠮᠡᠨ ᠬᠡᠷᠡᠭᠴᠡᠭᠡ ᠲᠠᠢ ᠯᠡ ᠶᠤᠮ ᠪᠣᠯ ᠪᠢ ᠳᠠᠷᠤᠶ ᠦᠷᠭᠦᠯᠵᠢᠯᠡᠨ ᠣᠯᠠᠨ ᠳᠤ ᠰᠠᠶᠢᠲᠤᠷ ᠦᠢᠯᠡᠴᠢᠯᠡᠨ᠎ᠡ︾ ᠭᠡᠵᠦ ᠸᠠᠩ ᠴᠢᠶᠠᠩ ᠬᠡᠯᠡᠬᠦ ᠳᠡᠭᠡᠨ᠂ ᠮᠠᠯᠴᠢᠨ ᠲᠠᠷᠢᠶᠠᠴᠢᠨ ᠤ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠬᠤ ᠶᠢ ᠦᠵᠡᠭᠡᠳ᠂ ᠡᠶᠢᠮᠦᠷᠬᠦ ᠵᠣᠯ ᠵᠢᠷᠭᠠᠯ ᠤᠨ ᠰᠡᠳᠬᠢᠭᠳᠡᠯ ᠢ ᠬᠡᠳᠦᠶ ᠵᠣᠭᠤᠰ ᠵᠠᠷᠤᠴᠠᠭᠤᠯᠤᠭᠰᠠᠨ ᠴᠤ ᠬᠤᠳᠠᠯᠳᠤᠨ ᠠᠪᠴᠤ ᠳᠡᠶᠢᠯᠬᠦ ᠥᠬᠡᠶ ᠶᠤᠮ ᠭᠡᠵᠡᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号