ᠤᠯᠠᠭᠠᠨᠬᠤᠲᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/21
    2 ᠰᠠᠷ᠎ᠠ ᠶᠢᠨ 17 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠢ ᠫᠧᠩ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠬᠤᠶᠠᠳᠤᠭᠠᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠥᠷᠪᠡᠳᠦᠭᠡᠷ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ ᠯᠢ ᠵᠢᠶᠦ᠋ᠨ ᠰᠢᠶᠠᠩ ᠦᠨᠡᠯᠡᠯᠲᠡ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ ᠨᠢᠭᠡᠳᠦᠭᠡᠷ ᠰᠠᠯᠠᠭᠠᠨ ᠤ ᠰᠠᠯᠠᠭᠠᠨ ᠳᠠᠷᠤᠭ᠎ᠠ ᠰᠦᠨ ᠲᠢᠶᠠᠨ ᠴᠢ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠤᠳᠤᠯᠬᠤ ᠲᠠᠰᠤᠭ ᠤᠨ ᠺᠠᠳ᠋ᠷ ᠸᠠᠩ ᠰᠢᠤᠸᠠᠢ ᠰᠥᠩ᠂ ᠬᠤᠲᠠ ᠶᠢᠨ ᠤᠳᠤᠷᠢᠳᠤᠯᠭ᠎ᠠ ᠯᠢ ᠱᠢ ᠬᠠᠢ᠂ ᠭᠧᠩ ᠴᠧᠩ ᠬᠤᠷᠠᠯ ᠳᠤ ᠰᠤᠯᠠ ᠣᠷᠣᠯᠴᠠᠪᠠ᠃    ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠢ ᠰᠡᠳᠦᠪᠲᠦ ᠰᠤᠷᠤᠯᠴᠠᠯᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠬᠠᠷᠢᠴᠠᠭᠤᠯᠤᠭᠰᠠᠨ ᠪᠠᠶᠢᠴᠠᠭᠠᠯᠲᠠ ᠶᠢᠨ ᠮᠠᠲ᠋ᠧᠷᠢᠶᠠᠯ ᠢ ᠬᠢᠨᠠᠮᠠᠭᠠᠢ ᠲᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠭᠰᠡᠨ ᠪᠠᠶᠢᠨ᠎ᠠ᠃ ᠬᠤᠷᠠᠯ ᠠᠴᠠ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠶᠠᠩ ᠵᠢᠢ ᠫᠧᠩ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠪᠠ᠃ ᠬᠤᠳᠠ ᠶᠢᠨ ᠨᠠᠮ ᠤᠨ ᠬᠤᠷᠢᠶᠠᠨ ᠤ ᠪᠤᠰᠤᠳ ᠪᠠᠶᠢᠩᠭᠤ ᠶᠢᠨ ᠭᠡᠰᠢᠭᠦᠳ ᠨᠢᠭᠡᠳ ᠨᠢᠭᠡ ᠪᠠᠷ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠪᠠᠷ ᠥᠷᠨᠢᠭᠦᠯᠪᠡ᠃    ᠶᠠᠩ ᠵᠢᠢ ᠫᠧᠩ ᠳ᠋ᠦᠩᠨᠡᠯᠲᠡ ᠶᠢᠨ ᠶᠠᠷᠢᠶᠠᠨ ᠳᠠᠭᠠᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠰᠢᠨ᠎ᠡ ᠡᠬᠢᠯᠡᠯᠲᠡ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠬᠤᠶᠠᠷ ᠢ ᠲᠤᠭᠳᠠᠭᠠᠭᠰᠠᠨ︾ ᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠡᠩ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠬᠡᠷᠡᠭᠲᠡᠢ᠃ ᠨᠠᠮᠴᠢ ᠴᠢᠨᠠᠷ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤ ᠪᠤᠢ ᠪᠣᠯᠭᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠣᠨᠴᠠᠭᠠᠶᠢᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠵᠥᠷᠢᠶ᠎ᠡ ᠶᠢ ᠴᠠᠭ ᠲᠤᠬᠠᠢ ᠳᠤᠨᠢ ᠬᠠᠷᠭᠤᠭᠤᠯᠵᠤ᠂ ᠪᠦᠬᠦ ᠲᠠᠯ᠎ᠠ ᠪᠠᠷ ᠰᠤᠷᠤᠯᠴᠠᠬᠤ᠂ ᠪᠦᠬᠦ ᠲᠠᠯ᠎ᠠ ᠪᠠᠷ ᠡᠵᠡᠮᠳᠡᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠰᠠᠶᠢᠲᠤᠷ ᠳᠠᠭᠠᠭᠤᠯᠵᠤ᠂ ᠪᠣᠳᠠᠲᠠᠢ ᠲᠠᠢ ᠤᠶᠠᠯᠳᠤᠭᠤᠯᠤᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠵᠢᠯ ᠤᠨ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ ᠬᠡᠷᠡᠭᠲᠡᠢ᠃ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠤᠬᠠᠮᠰᠠᠷ ᠠᠴᠠ ᠪᠠᠨ ᠲᠠᠨᠢᠵᠤ᠂ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ︽ᠦᠢᠯᠡᠰ ᠪᠤᠰᠬᠠᠬᠤ ᠨᠢ ᠬᠥᠮᠥᠨ ᠳᠤ ᠪᠤᠢ᠂ ᠶᠠᠪᠤᠳᠠᠯ ᠬᠢᠬᠦ ᠨᠢ ᠬᠥᠮᠥᠨ ᠳᠤ ᠪᠤᠢ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠠᠭᠠᠨᠬᠤᠲᠠ ᠶᠢᠨ ᠺᠠᠳ᠋ᠷ ᠤᠨ ᠡᠩᠨᠡᠭᠡ ᠶᠢᠨ ᠵᠥᠪ ᠲᠠᠯ᠎ᠠ ᠶᠢᠨ ᠳᠦᠷᠢ ᠲᠥᠷᠬᠦ ᠶᠢ ᠲᠦᠷᠦᠭᠦᠯᠡᠨ ᠪᠤᠢ ᠪᠣᠯᠭᠠᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠢᠳᠡᠪᠬᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠠᠵᠢᠯ ᠤᠨ ᠬᠠᠷᠠᠯᠲᠠ ᠶᠢᠨ ᠲᠣᠭᠤᠷᠢᠨ ᠳᠤ᠂ ᠬᠥᠭᠵᠢᠯᠲᠡ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠬᠥᠭᠵᠢᠭᠦᠯᠦᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠬᠢᠵᠦ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠵᠤ ᠂ ᠨᠢᠭᠡ ᠨᠢᠭᠡ ᠵᠦᠢᠯ ᠢᠶᠠᠷ ᠠᠳᠬᠤᠵᠤ᠂ ︽ᠭᠤᠷᠪᠠᠨ ᠨᠠᠷᠢᠨ ᠲᠠᠩᠰᠠ︾᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠡᠷᠭᠡ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠡᠭᠦᠷᠭᠡ ᠬᠠᠷᠢᠭᠤᠴᠠᠯᠭ᠎ᠠ ᠶᠢ ᠨᠢᠭᠡᠳ ᠨᠢᠭᠡ ᠪᠠᠷ ᠲᠠᠨᠢᠵᠤ᠂ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠷᠢᠯᠢᠭᠵᠢᠭᠤᠯᠵᠤ᠂ ᠨᠢᠭᠡᠳ ᠨᠢᠭᠡ ᠪᠠᠷ ᠮᠥᠷᠳᠡᠨ ᠭᠦᠢᠴᠡᠳᠬᠡᠵᠦ᠂ ᠡᠯ᠎ᠡ ᠵᠦᠢᠯ ᠤᠨ ᠬᠠᠷᠠᠯᠲᠠ ᠶᠢ ᠵᠣᠬᠢᠰᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠴᠢᠩᠭ᠎ᠠ ᠬᠦᠭ ᠠᠶᠠᠰ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠭᠤᠥᠯᠴᠢ ᠠᠷᠢᠭᠤᠨ ᠴᠢᠬᠡᠴᠢ ᠤᠯᠤᠰ ᠲᠥᠷᠥ ᠶᠢᠨ ᠮᠥᠨ ᠴᠢᠨᠠᠷ ᠢ ᠢᠮᠠᠭᠲᠠ ᠪᠠᠷᠢᠮᠲᠠᠯᠠᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠢᠯᠵᠠᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠪᠤᠢ ᠪᠣᠯᠭᠠᠬᠤ ᠬᠡᠷᠡᠭᠲᠡᠢ ᠭᠡᠵᠡᠢ᠃  
 
ᠢᠷᠡᠯᠲᠡ᠄ ᠤᠯᠠᠭᠠᠨᠬᠤᠲᠠ ᠵᠢᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号