ᠤᠯᠠᠭᠠᠨᠬᠤᠳᠠ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠠᠵᠢᠯ ᠢ ᠰᠠᠶᠢᠳᠤᠷ ᠦᠷᠨᠢᠬᠦᠯᠵᠦ ᠪᠤᠢ
ᠨᠡᠶᠢᠲᠡᠯᠡᠭᠰᠡᠨ ᠴᠠᠭ᠄
2023/2/21
    ᠤᠨᠤᠯ ᠢ ᠤᠬᠠᠭᠤᠯᠤᠨ ᠲᠠᠶᠢᠯᠪᠤᠷᠢᠯᠠᠬᠤ ᠠᠴᠠ ᠤᠳᠬ᠎ᠠ ᠤᠷᠠᠯᠢᠭ ᠤᠨ ᠠᠵᠢᠯᠯᠠᠭ᠎ᠠ ᠬᠦᠷᠲᠡᠯ᠎ᠡ᠂ ︽ᠪᠢ ᠲᠠᠨ ᠢ ᠬᠠᠪᠰᠤᠷᠬᠤ︾ ᠠᠴᠠ ︽ᠪᠢ ᠨᠠᠮ ᠪᠦᠯᠦᠭ ᠲᠤ ᠦᠢᠯᠡᠴᠢᠯᠡᠬᠦ︾ ᠬᠦᠷᠲᠡᠯ᠎ᠡ ᠁ ᠡᠪᠦᠯ ᠤᠨ ᠤᠯᠠᠷᠢᠯ ᠳᠤ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠴᠢᠮᠡᠭᠡ ᠠᠨᠢᠷ ᠦᠭᠡᠢ ᠪᠠᠷ ᠲᠦᠭ ᠲᠦᠮᠡᠨ ᠠᠶᠢᠯ ᠡᠷᠦᠬᠡ ᠳᠤ ᠠᠭᠤᠰᠤᠯᠴᠠᠵᠤ᠂ ᠠᠮᠢᠳᠤᠯᠢᠭ ᠴᠣᠪᠣᠭᠤᠯᠢᠭ ᠪᠣᠯᠪᠠᠰᠤᠨ ᠤ ᠦᠢᠯᠡᠳᠦᠯᠭᠡ ᠶᠢᠨ ᠠᠬᠤᠢ ᠪᠠᠶᠢᠳᠠᠯ ᠤᠳ ᠨᠢ ᠪᠣᠯᠪᠠᠰᠤᠨ ᠤ ᠰᠢᠨ᠎ᠡ ᠬᠡᠪ ᠰᠤᠷᠲᠠᠯ ᠢ ᠬᠤᠳᠠ ᠶᠢᠨ ᠵᠡᠭᠡᠯᠢ ᠭᠤᠳᠤᠮᠵᠢ ᠪᠠᠷ ᠳᠠᠭᠤᠷᠢᠰᠤᠭᠤᠯᠪᠠ᠃    2022 ᠣᠨ ᠳᠤ᠂ ᠬᠢᠩᠭᠠᠨ ᠠᠶᠢᠮᠠᠭ ᠤᠨ ᠤᠯᠠᠭᠠᠨᠬᠤᠲᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠬᠦ ᠶᠠᠪᠤᠴᠠ ᠳᠤ᠂ ︽ᠤᠯᠠᠨ ᠲᠦᠮᠡᠨ ᠬᠠᠮᠢᠭ᠎ᠠ ᠪᠠᠶᠢᠪᠠᠯ ᠪᠣᠯᠪᠠᠰᠤᠨ ᠤ ᠦᠢᠯᠡᠳᠦᠯᠭᠡ ᠲᠡᠨᠳᠡ ᠬᠦᠷᠲᠡᠯ᠎ᠡ ᠦᠷᠭᠦᠯᠵᠢᠯᠡᠨ᠎ᠡ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ ᠂ ᠴᠠᠭ ᠦᠶ᠎ᠡ ᠶᠢᠨ ᠬᠡᠷᠡᠭᠴᠡᠭᠡ ᠶᠢ ᠴᠢᠩᠭ᠎ᠠ ᠡᠵᠡᠮᠳᠡᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠰᠡᠳᠬᠢᠯ ᠵᠢᠷᠦᠬᠡ ᠪᠠᠨ ᠬᠤᠯᠪᠣᠵᠤ᠂ ︽ᠪᠣᠯᠪᠠᠰᠤᠨ ᠤ ᠦᠢᠯᠡᠳᠦᠯᠭᠡ +︾ ᠤᠯᠠᠨ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠣᠰᠣ ᠰᠤᠷᠲᠠᠬᠤᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠠᠷᠠᠳ ᠤᠯᠠᠨ ᠤ ᠡᠳᠦᠷ ᠲᠤᠳᠤᠮ ᠤᠨ ᠠᠮᠢᠳᠤᠷᠠᠯ ᠳᠤ ᠠᠮᠤᠷ ᠲᠣᠭᠲᠠᠭᠤᠨ ᠵᠣᠯ ᠵᠢᠷᠭᠠᠯ ᠢ ᠡᠳ᠋ᠯᠡᠭᠦᠯᠵᠡᠢ᠃ ᠠᠷᠠᠳ ᠤᠨ ᠠᠮᠢᠳᠤᠷᠠᠯ ᠲᠠᠢ ᠣᠶᠢᠷᠠᠳᠴᠤ ᠠᠮᠢᠵᠢᠷᠠᠯ ᠤᠨ ᠬᠦᠴᠦᠨ ᠲᠠᠢ ᠪᠠᠶᠢᠵᠤ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ ᠦᠯᠢᠭᠡᠷ ᠢᠶᠠᠨ ᠰᠠᠶᠢᠬᠠᠨ ᠶᠠᠷᠢᠵᠤ᠂ ᠶᠣᠰᠣ ᠤᠴᠢᠷ ᠢ ᠠᠮᠢᠳᠤᠯᠢᠭ ᠢᠶᠠᠷ ᠶᠠᠷᠢᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ︽ᠡᠭᠡᠯ ᠠᠷᠠᠳ ᠤᠨ ᠭᠡᠷ ᠲᠤ ᠬᠦᠷᠬᠦ︾ ᠶᠢ ᠠᠬᠢᠭᠤᠯᠵᠠᠢ᠃ 2022 ᠣᠨ ᠤ 7 ᠰᠠᠷ᠎ᠠ ᠶᠢᠨ 21 ᠤ ᠦᠳᠡ ᠶᠢᠨ ᠡᠮᠦᠨ᠎ᠡ᠂ ᠢᠯᠠᠯᠲᠠ ᠪᠠᠯᠭᠠᠰᠤᠨ ᠤ ᠢᠯᠠᠯᠲᠠ ᠭᠠᠴᠠᠭ᠎ᠠ ᠳᠤ᠂ ᠭᠠᠴᠠᠭᠠᠨ ᠤ ᠠᠷᠠᠳ ᠤᠷᠲᠤᠯᠵᠢᠨ ᠰᠠᠨᠳᠠᠯᠢ ᠳᠡᠭᠡᠷ᠎ᠡ ᠰᠠᠭᠤᠵᠤ᠂ ᠨᠢᠵᠢᠭᠢᠨᠡᠭᠰᠡᠨ ᠠᠯᠠᠭ᠎ᠠ ᠲᠡᠰᠢᠯᠲᠡ ᠶᠢᠨ ᠲᠠᠭᠤᠨ ᠪᠠᠶᠢᠨ ᠪᠠᠶᠢᠨ ᠰᠣᠨᠣᠰᠲᠠᠨ᠎ᠠ᠂ ᠴᠢᠬᠢ ᠲᠠᠯᠪᠢᠨ ᠰᠣᠨᠤᠰᠬᠤ ᠳᠤ᠂ ᠦᠨᠳᠦᠰᠦᠲᠡᠨ ᠤ ᠪᠦᠯᠬᠦᠮᠳᠡᠯ ᠤᠨ ᠲᠤᠬᠠᠢ ᠢᠷᠠᠭᠤ ᠰᠠᠶᠢᠬᠠᠨ ᠬᠦᠭ ᠠᠶᠠᠰ ᠠᠯᠭᠤᠷᠬᠠᠨ ᠰᠣᠨᠣᠰᠳᠠᠪᠠ ᠁ 2022 ᠣᠨ ᠳᠤ᠂ ᠤᠯᠠᠭᠠᠨᠬᠤᠲᠠ ︽ᠳᠡᠷᠭᠡᠳᠡᠬᠢ ᠬᠥᠮᠥᠰ ᠲᠤ ᠪᠠᠨ ᠠᠰᠢᠭ ᠬᠦᠷᠲᠡᠭᠡᠬᠦ︾ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ︽ᠳᠡᠷᠭᠡᠳᠡᠬᠢ ᠬᠥᠮᠥᠨ ᠨᠢ ᠳᠡᠷᠭᠡᠳᠡᠬᠢ ᠤᠴᠢᠷ ᠢᠶᠠᠨ ᠶᠠᠷᠢᠬᠤ︾ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠳᠠᠮᠵᠢᠨ᠂ ᠪᠥᠬᠦ ᠬᠤᠲᠠ ᠳᠤ ᠰᠢᠨ᠎ᠡ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠪᠠ᠃ ︽ᠠᠬᠠᠮᠠᠳ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠪᠡᠶ᠎ᠡ ᠪᠠᠷ ᠢᠶᠠᠨ ᠲᠦᠷᠦᠭᠦᠯᠡᠨ ᠨᠠᠮ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠵᠣᠷᠢᠭ ᠰᠠᠨᠠᠭᠠᠨ ᠤ ᠬᠦᠴᠦᠨ ᠢ ᠨᠡᠩ ᠤᠯᠠᠨ ᠬᠥᠮᠥᠨ ᠳᠤ ᠤᠯᠠᠮᠵᠢᠯᠠᠨ᠎ᠠ︾᠃ 72 ᠨᠠᠰᠤᠲᠠᠢ ︽ᠳᠡᠷᠭᠡᠳᠡᠬᠢ ᠬᠥᠮᠥᠰ ᠲᠤ ᠪᠠᠨ ᠠᠰᠢᠭ ᠬᠦᠷᠲᠡᠭᠡᠬᠦ︾ ᠡᠩᠨᠡᠭᠡᠨ ᠤ ᠴᠡᠷᠢᠭ ᠠᠴᠠ ᠬᠠᠯᠠᠭᠳᠠᠭᠰᠠᠨ ᠤᠬᠠᠭᠤᠯᠤᠨ ᠲᠠᠶᠢᠯᠪᠤᠷᠢᠯᠠᠭᠴᠢ ᠬᠠᠨ ᠪᠣᠤ ᠭᠦᠢ ᠪᠣᠯ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠪᠣᠯᠣᠨ᠎ᠠ᠃    2022 ᠣᠨ ᠳᠤ᠂ ᠤᠯᠠᠭᠠᠨᠬᠤᠲᠠ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠢᠴᠢ ᠡᠯ᠎ᠡ ᠠᠵᠢᠯ ᠲᠥᠷᠥᠯ ᠠᠴᠠ 570 ᠨᠡᠷᠡᠰ ︽ᠳᠡᠷᠭᠡᠳᠡᠬᠢ ᠬᠥᠮᠥᠰ ᠲᠤ ᠪᠠᠨ ᠠᠰᠢᠭ ᠬᠦᠷᠲᠡᠭᠡᠬᠦ︾ ᠤᠬᠠᠭᠤᠯᠤᠨ ᠲᠠᠶᠢᠯᠪᠤᠷᠢᠯᠠᠭᠴᠢ ᠶᠢ ᠨᠠᠷᠢᠨ ᠨᠢᠮᠪᠠᠢ ᠰᠢᠯᠢᠨ ᠰᠣᠩᠭᠤᠵᠤ᠂ ᠨᠡᠶᠢᠲᠡ ᠶᠢᠨ ᠮᠠᠰᠢᠨ ᠲᠡᠷᠭᠡᠨ ᠤ ᠤᠬᠠᠭᠤᠯᠤᠨ ᠲᠠᠶᠢᠯᠪᠤᠷᠢᠯᠠᠬᠤ ᠰᠠᠯᠪᠤᠷᠢ ᠪᠠᠭ᠎ᠠ ᠠᠩᠭᠢ᠂ ᠤᠯᠠᠭᠠᠨ ᠪᠦᠴᠡᠲᠡᠨ ᠤ ᠤᠬᠠᠭᠤᠯᠤᠨ ᠲᠠᠶᠢᠯᠪᠤᠷᠢᠯᠠᠬᠤ ᠰᠠᠯᠪᠤᠷᠢ ᠪᠠᠭ᠎ᠠ ᠠᠩᠭᠢ ᠵᠡᠷᠭᠡ 100 ᠭᠠᠷᠤᠢ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠦᠷᠢᠯᠳᠦᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠲᠦᠰᠢᠭ ᠪᠣᠯᠭᠠᠵᠤ᠂ ᠲᠠᠷᠢᠶᠠᠨ ᠭᠠᠵᠠᠷ᠂ ᠰᠤᠷᠭᠠᠭᠤᠯᠢ ᠨᠡᠶᠢᠭᠡᠮ ᠲᠣᠭᠤᠷᠢᠭ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠵᠡᠷᠭᠡ ᠪᠠᠷ ᠭᠦᠨᠵᠡᠭᠡᠶᠢᠷᠡᠵᠦ᠂ ᠠᠷᠠᠳ ᠤᠯᠠᠨ ᠲᠠᠢ ᠰᠢᠨ᠎ᠡ ᠲᠦᠷᠦ ᠶᠢᠨ ᠪᠣᠳᠣᠯᠭ᠎ᠠ ᠶᠢ ᠨᠢᠭᠤᠷᠳᠠᠨ ᠬᠤᠪᠢᠶᠠᠯᠴᠠᠵᠤ᠂ ᠰᠢᠨ᠎ᠡ ᠬᠥᠭᠵᠢᠯᠲᠡ ᠶᠢᠨ ᠲᠤᠬᠠᠢ ᠬᠠᠮᠲᠤᠪᠠᠷ ᠶᠠᠷᠢᠯᠴᠠᠪᠠ᠃ ᠪᠦᠬᠦ ᠵᠢᠯ ᠳᠤ ᠨᠡᠶᠢᠳᠡ 6130 ᠭᠠᠷᠤᠢ ᠲᠠᠯᠠᠪᠠᠢ ᠤᠬᠠᠭᠤᠯᠤᠨ ᠲᠠᠶᠢᠯᠪᠤᠷᠢᠯᠠᠵᠤ᠂ ᠭᠥᠯᠢᠶᠡᠨ ᠠᠪᠤᠭᠴᠢᠳ ᠤᠨ ᠲᠤᠭ᠎ᠠ 53.8 ᠲᠦᠮᠡᠨ ᠬᠥᠮᠥᠨ ᠤᠳᠠᠭ᠎ᠠ ᠳᠤ ᠬᠦᠷᠴᠡᠢ᠃ ᠠᠷᠠᠳ ᠢᠷᠭᠡᠳ ᠤᠨ ᠰᠡᠳᠬᠢᠯ ᠢ ᠳᠤᠯᠠᠭᠠᠴᠠᠭᠤᠯᠵᠤ ᠪᠣᠯᠪᠠᠰᠤᠨ ᠦᠢᠯᠡᠳᠦᠯᠭᠡ ᠶᠢᠨ ᠣᠷᠣᠯᠴᠠᠭᠴᠢ ᠪᠣᠯᠭᠠᠵᠠᠢ ᠬᠠᠮᠢᠭ᠎ᠠ ᠬᠡᠷᠡᠭᠴᠡᠭᠡ ᠲᠠᠢ ᠪᠣᠯ ᠲᠡᠨᠳᠡ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠪᠠᠷ᠎ᠠ ᠬᠠᠷᠠᠭᠳᠠᠨ᠎ᠠ᠃ ᠤᠯᠠᠭᠠᠨᠬᠤᠲᠠ ᠳᠤ᠂ ᠡᠯ᠎ᠡ ᠰᠠᠯᠠᠭ᠎ᠠ ︽ᠪᠢ ᠨᠠᠮ ᠪᠦᠯᠦᠭ ᠲᠤ ᠦᠢᠯᠡᠴᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡ ᠬᠤᠳᠠ ᠶᠢᠨ ᠵᠡᠭᠡᠯᠢ ᠭᠤᠳᠤᠮᠵᠢ ᠪᠠᠷ ᠠᠵᠢᠯᠯᠠᠵᠤ᠂ ᠠᠷᠠᠳ ᠤᠯᠠᠨ ᠤ ᠪᠣᠳᠠᠲᠤ ᠬᠡᠷᠡᠭᠴᠡᠭᠡ ᠳᠤ ᠴᠢᠭᠯᠡᠭᠦᠯᠦᠨ ᠬᠠᠮᠤᠭ ᠤᠨ ᠬᠠᠯᠠᠭᠤᠨ ᠳᠣᠲᠣᠨᠣ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠶᠢᠨ ᠵᠡᠷᠭᠡ ᠳᠤ᠂ ︽ᠪᠢ ᠨᠠᠮ ᠪᠦᠯᠦᠭ ᠲᠤ ᠦᠢᠯᠡᠴᠢᠯᠡᠬᠦ︾ ᠭᠡᠰᠡᠨ ᠨᠡᠷᠡᠲᠦ ᠲᠡᠮᠳᠡᠭᠲᠦ ᠴᠦ ᠬᠥᠮᠥᠰ ᠤᠨ ᠰᠡᠳᠬᠢᠯ ᠳᠤ ᠤᠯᠠᠮ ᠢᠶᠠᠷ ᠬᠠᠳᠠᠩᠰᠢᠵᠠᠢ᠃ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢᠶᠠᠷ ᠥᠪᠡᠷ ᠤᠨ ᠨᠡᠷᠡᠲᠦ ᠲᠡᠮᠳᠡᠭᠲᠦ ᠪᠠᠨ ᠪᠣᠢ ᠪᠣᠯᠭᠠᠵᠠᠢ᠃ ᠾᠧ ᠫᠢᠩ ᠵᠡᠭᠡᠯᠢ ᠶᠢᠨ ︽ᠰᠠᠭᠤᠭᠠᠯᠢ ᠠᠷᠠᠳ ᠤᠨ ᠬᠡᠷᠡᠭ ᠵᠥᠪᠯᠡᠬᠦ ᠭᠠᠵᠠᠷ︾ ᠨᠢ ᠰᠠᠭᠤᠭᠠᠯᠢ ᠠᠷᠠᠳ ᠤᠨ ᠰᠠᠨᠠᠯ ᠢ ᠬᠤᠷᠢᠶᠠᠬᠤ᠂ ᠵᠥᠪᠳᠡᠯᠴᠡᠬᠦ᠂ ᠰᠢᠢᠳᠪᠦᠷᠢᠯᠡᠬᠦ ᠬᠡᠷᠡᠭ ᠵᠥᠪᠯᠡᠬᠦ ᠲᠠᠪᠴᠠᠩ ᠢ ᠪᠠᠶᠢᠭᠤᠯᠵᠠᠢ᠃ ᠱᠧᠩᠯᠢ ᠵᠡᠭᠡᠯᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠨᠢ ᠠᠮᠤᠷ ᠠᠮᠤᠭᠤᠯᠠᠩ᠂ ᠬᠠᠯᠠᠭᠤᠨ ᠳᠤᠯᠠᠭᠠᠨ᠂ ᠬᠠᠶᠢᠷ᠎ᠠ ᠬᠠᠯᠠᠮᠵᠢ ᠬᠦᠷᠭᠡᠬᠦ ᠵᠡᠷᠭᠡ ᠠᠷᠭ᠎ᠠ ᠬᠡᠮᠵᠢᠶ᠎ᠡ ᠪᠠᠷ ᠤᠯᠠᠨ ᠲᠦᠮᠡᠨ ᠤ ᠪᠣᠳᠠᠲᠠᠢ ᠠᠰᠠᠭᠤᠳᠠᠯ ᠢ ᠰᠢᠢᠳᠪᠦᠷᠢᠯᠡᠪᠡ᠃ ᠳᠡᠭᠦᠯᠢᠨ ᠵᠡᠭᠡᠯᠢ ᠶᠢᠨ ︽ᠬᠤᠪᠢᠰᠬᠠᠯ ᠤᠨ ᠬᠢᠴᠢᠶᠡᠯ ᠤᠨ ᠲᠠᠩᠬᠢᠮ︾ ᠨᠢ ᠠᠷᠠᠳ ᠤᠯᠠᠨ ᠤ ᠠᠵᠢᠯᠯᠠᠭ᠎ᠠ ᠲᠠᠯᠠᠪᠤᠷ ᠲᠠᠢ᠂ ᠰᠤᠷᠤᠯᠴᠠᠯᠭ᠎ᠠ ᠳᠤ ᠣᠴᠢᠬᠤ ᠭᠠᠵᠠᠷ ᠲᠠᠢ ᠪᠣᠯᠭᠠᠪᠠ ᠁    ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠡᠯ᠎ᠡ ᠥᠨᠴᠥᠭ ᠪᠤᠯᠤᠩ ᠳᠤ ᠤᠯᠠᠮᠵᠢᠯᠠᠵᠤ᠂ ᠬᠥᠮᠥᠨ ᠪᠦᠬᠦᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠣᠷᠣᠯᠴᠠᠭᠴᠢ ᠪᠣᠯᠬᠤ ᠪᠠᠷ ᠴᠢᠷᠮᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ 508᠂ ᠰᠠᠶᠢᠨ ᠳᠤᠷ᠎ᠠ ᠶᠢᠨ ᠦᠢᠯᠡᠴᠢᠯᠡᠭᠴᠢ 4.2 ᠲᠦᠮᠡᠨ ᠬᠥᠮᠥᠨ ᠪᠠᠶᠢᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 2519 ᠤᠳᠠᠭ᠎ᠠ ᠥᠷᠨᠢᠭᠦᠯᠵᠦ᠂ ᠣᠷᠣᠯᠴᠠᠭᠰᠠᠨ ᠬᠥᠮᠥᠨ ᠤ ᠲᠤᠭ᠎ᠠ 22.8 ᠲᠦᠮᠡᠨ ᠬᠥᠮᠥᠨ ᠤᠳᠠᠭ᠎ᠠ ᠳᠤ ᠬᠦᠷᠴᠡᠢ᠂ ᠡᠨᠡ ᠪᠣᠯ ᠳᠠᠷᠤᠢ ᠤᠯᠠᠭᠠᠨᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠳᠤ ᠬᠠᠷᠢᠶᠠᠯᠠᠭᠳᠠᠬᠤ ︽ᠲᠣᠭᠠᠴᠢᠯᠠᠭᠰᠠᠨ ᠲᠠᠩᠰᠠ ᠡᠪᠬᠡᠮᠡᠯ︾ ᠪᠣᠯᠣᠨ᠎ᠠ᠃ ᠪᠣᠯᠪᠠᠰᠤᠨ ᠤ ︽ᠦᠷ᠎ᠡ︾ ᠶᠢ ᠰᠠᠴᠤᠵᠤ ᠬᠥᠮᠥᠰ ᠤᠨ ᠰᠡᠳᠬᠢᠯ ᠢ ᠨᠢᠭᠲᠠᠷᠠᠭᠤᠯᠵᠤ ᠪᠤᠶᠠᠨ ᠦᠢᠯᠡᠳᠦᠨ᠎ᠡ ︽ᠶᠣᠰᠣ ᠰᠤᠷᠲᠠᠬᠤᠨ ᠤ ᠵᠢᠱᠢᠶᠡᠴᠢ︾ ᠨᠢ ᠪᠣᠯᠪᠠᠰᠤᠨ ᠤ ᠦᠢᠯᠡᠳᠦᠯᠭᠡ ᠳᠤ ᠰᠢᠨ᠎ᠡ ᠬᠥᠳᠡᠯᠭᠡᠬᠦ ᠬᠦᠴᠦᠨ ᠣᠯᠭᠤᠵᠤ᠂ ︽ᠥᠭᠡᠳᠡᠯᠡᠨ ᠲᠠᠪᠰᠢᠬᠤ︾ ᠵᠣᠷᠢᠭ ᠰᠠᠨᠠᠭᠠᠨ ᠤ ᠬᠡᠪ ᠳᠠᠭᠤᠷᠢᠶᠠᠯ ᠪᠣᠯᠵᠤ᠂ ᠤᠯᠠᠭᠠᠨᠬᠤᠲᠠ ᠳᠤ ︽ᠶᠣᠰᠣ ᠰᠤᠷᠲᠠᠬᠤᠨ ᠤ ᠵᠢᠱᠢᠶᠡᠴᠢ ᠠᠴᠠ ᠰᠤᠷᠤᠯᠴᠠᠵᠦ᠂ ᠶᠣᠰᠣ ᠰᠤᠷᠲᠠᠬᠤᠨ ᠤ ᠵᠢᠱᠢᠶᠡᠴᠢ ᠪᠣᠯᠬᠤ ᠪᠠᠷ ᠴᠢᠷᠮᠠᠶᠢᠬᠤ︾ ᠬᠠᠯᠠᠭᠤᠨ ᠥᠷᠨᠢᠯᠲᠡ ᠭᠠᠷᠪᠠ᠃ ︽ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ︾ ᠶᠣᠰᠣ ᠰᠤᠷᠲᠠᠬᠤᠨ ᠤ ᠵᠢᠱᠢᠶᠡᠴᠢ ᠳ᠋ᠦ᠋ ᠲᠢᠶᠧ ᠢ᠂ 95 ᠣᠨ ᠠᠴᠠ ᠰᠡᠭᠦᠯᠡᠷ ᠲᠦᠷᠦᠭᠰᠡᠳ ᠪᠣᠯᠤᠭᠰᠠᠨ ᠤ ᠬᠤᠪᠢ ᠳᠤ ᠨᠤᠲᠤᠭ ᠤᠨ ᠢᠶᠠᠨ ᠵᠠᠯᠠᠭᠤᠴᠤᠳ ᠢ ᠳᠠᠶᠢᠴᠢᠯᠠᠨ ᠲᠦᠮᠡᠨ ᠴᠠᠭ ᠢ ᠳᠠᠪᠠᠭᠰᠠᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠢᠵᠦ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠰᠢᠯᠢᠳᠡᠭ ᠬᠤᠪᠢ ᠬᠥᠮᠥᠨ ᠤ ᠱᠠᠩᠨᠠᠯ ᠢ ᠬᠦᠷᠳᠡᠪᠡ᠃ ︽ᠦᠨᠡᠨᠴᠢ ᠢᠲᠡᠭᠡᠮᠵᠢᠲᠡᠢ︾ ᠶᠣᠰᠣ ᠰᠤᠷᠲᠠᠬᠤᠨ ᠤ ᠵᠢᠱᠢᠶᠡᠴᠢ ᠪᠦᠦ ᠲᠢᠶᠠᠨ ᠰᠢ᠂ ᠮᠡᠷᠭᠡᠵᠢᠭᠡᠳᠦᠢ ᠬᠥᠮᠦᠨ ᠪᠠᠶᠢᠭᠰᠠᠨ ᠠᠴᠠ ᠪᠠᠨ ᠢᠯᠠᠯᠲᠠ ᠪᠠᠯᠭᠠᠰᠤᠨ ᠤ ᠬᠤᠯᠠ ᠣᠶᠢᠷ᠎ᠠ ᠳᠠᠭᠠᠨ ᠨᠡᠷ᠎ᠡ ᠠᠯᠳᠠᠷᠰᠢᠭᠰᠠᠨ ᠪᠣᠷᠳᠣᠵᠤ ᠲᠠᠷᠭᠤᠯᠠᠭᠤᠯᠬᠤ ᠬᠤᠨᠢ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯᠲᠡᠨ ᠪᠣᠯᠵᠤ᠂ 6 ᠭᠠᠴᠠᠭᠠᠨ ᠤ 40 ᠭᠠᠷᠤᠢ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠤᠯᠠᠨ ᠲᠠᠢ ᠬᠠᠮᠲᠤ ᠰᠠᠶᠢᠨ ᠰᠠᠶᠢᠬᠠᠨ ᠠᠮᠢᠳᠤᠷᠠᠬᠤ︾ ᠠᠮᠠᠯᠠᠯᠲᠠ ᠪᠠᠨ ᠪᠡᠶᠡᠯᠡᠭᠦᠯᠵᠡᠢ᠃    ᠶᠣᠰᠣ ᠰᠤᠷᠲᠠᠬᠤᠨ ᠤ ᠵᠢᠱᠢᠶᠡᠴᠢ ᠶᠢᠨ ᠰᠡᠳᠬᠢᠯ ᠬᠥᠳᠡᠯᠭᠡᠮ᠎ᠡ ᠦᠯᠢᠭᠡᠷ ᠤᠳ ᠨᠢ ᠤᠯᠠᠭᠠᠨᠬᠤᠲᠠ ᠳᠤ ᠵᠠᠯᠭᠠᠭ᠎ᠠ ᠪᠠᠷ ᠲᠣᠭᠤᠯᠳᠠᠬᠤ ᠶᠢᠨ ᠬᠠᠮᠲᠤ᠂ ᠪᠦᠬᠦ ᠬᠤᠲᠠ ᠪᠠᠷ ᠢᠶᠠᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠥᠮᠥᠨ ᠪᠣᠯᠬᠤ ᠪᠠᠷ ᠴᠢᠷᠮᠠᠶᠢᠬᠤ︾᠂ ︽ᠠᠨᠠᠷ ᠤᠨ ᠦᠷ᠎ᠡ ᠮᠠᠲᠦ ᠰᠡᠳᠬᠢᠯ ᠢᠶᠠᠨ ᠬᠤᠯᠪᠤᠬᠤ · ᠲᠠᠷᠢᠶᠠᠯᠠᠩ ᠳᠤ ᠲᠤᠰᠠᠯᠠᠨ ᠬᠠᠪᠤᠷ ᠤᠨ ᠲᠠᠷᠢᠶᠠᠯᠠᠭ᠎ᠠ ᠶᠢ ᠪᠠᠲᠤᠯᠠᠬᠤ︾ ᠵᠡᠷᠭᠡ ᠠᠯᠢ ᠣᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠩ ᠢᠯᠡᠭᠦᠦ ᠣᠯᠠᠨ ᠲᠦᠮᠡᠨ ᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠳᠤ ᠣᠷᠣᠯᠴᠠᠭᠤᠯᠵᠠᠢ᠃ ᠣᠳᠣᠬᠠᠨ ᠳᠤ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠰᠠᠶᠢᠨ ᠳᠤᠷ᠎ᠠ ᠶᠢᠨ ᠦᠢᠯᠡᠴᠢᠯᠡᠭᠡ ᠵᠡᠭᠡᠯᠢ ᠭᠤᠳᠤᠮᠵᠢ ᠪᠠᠷ ᠬᠥᠭᠵᠢᠶᠡᠨᠲᠡᠢ ᠶᠠᠪᠤᠭᠳᠠᠵᠤ᠂ ᠪᠣᠯᠪᠠᠰᠤᠨ ᠰᠢᠨ᠎ᠡ ᠰᠤᠷᠲᠠᠯ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠲᠤ ᠳᠠᠭᠤᠷᠢᠰᠤᠭᠰᠠᠨ ᠪᠠᠶᠢᠨ᠎ᠠ᠃ ᠤᠯᠠᠭᠠᠨᠬᠤᠲᠠ ᠳᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠭᠠᠵᠠᠷ ᠪᠣᠯᠭᠠᠨ ᠳᠤ ᠶᠠᠪᠤᠭᠳᠠᠨ᠂ ᠬᠤᠳᠠ ᠶᠢᠨ ᠲᠠᠪᠰᠢᠯᠳᠠ ᠪᠣᠯᠣᠨ ᠠᠷᠠᠳ ᠲᠦᠮᠡᠨ ᠤ ᠵᠣᠯ ᠵᠢᠷᠭᠠᠯ ᠢ ᠲᠠᠶᠢᠯᠪᠤᠷᠢᠯᠠᠨ᠎ᠠ᠃      
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号