2 ᠳ᠋ᠤᠭᠠᠷ ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ | ᠠᠵᠤ ᠠᠬᠤᠶ ᠬᠢᠭᠡᠳ ᠬᠥᠭᠵᠢᠯᠲᠡ ᠶᠢᠨ ᠰᠤᠳᠤᠯᠭᠠᠨ ᠤ ᠭᠠᠵᠠᠷ ᠪᠡᠭᠡᠵᠢᠩ ᠳᠤ ᠬᠢᠩᠭᠠᠨ ᠠᠶᠢᠮᠠᠭ ᠤᠨ ᠤᠯᠤᠰ ᠤᠨ | ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ ᠬᠤᠶᠠᠷ ᠲᠠᠯ᠎ᠠ ᠪᠠᠷ ᠢᠶᠠᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠠᠭᠤᠯᠭ᠎ᠠ ᠶᠢ ᠨᠠᠶᠢᠷᠠᠭᠤᠯᠤᠨ ᠵᠣᠬᠢᠶᠠᠬᠤ ᠴᠠᠭ᠂ ᠲᠤᠬᠠᠶ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠬᠤ ᠵᠡᠷᠭᠡ ᠲᠠᠯ᠎ᠠ ᠪᠠᠷ ᠬᠠᠮᠳᠤ ᠶᠢᠨ ᠲᠠᠨᠢᠯᠲᠠ ᠲᠠᠢ ᠪᠤᠯᠪᠠ᠃ | ︽ᠬᠢᠩᠭᠠᠨ ᠠᠶᠢᠮᠠᠭ ᠤᠨ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ | ᠣᠷᠣᠨ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠶᠠᠭ ᠡᠮᠬᠢ ᠵᠢᠷᠤᠮ ᠲᠠᠢ ᠠᠭᠢᠵᠤ ᠪᠠᠶᠢᠨ᠎ᠠ᠂ | ᠣᠳᠣᠬᠠᠨ ᠳᠤ ᠨᠢᠭᠡᠨᠲᠡ ᠡᠨᠡ ᠵᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠪᠠ ᠲᠤᠷᠰᠢᠯᠲᠠ ᠶᠢᠨ ᠣᠷᠣᠨ ᠤ | ᠲᠤᠰᠬᠠᠶ ᠮᠡᠷᠭᠡᠵᠢᠯᠲᠡᠨ ᠵᠥᠪᠯᠡᠭᠴᠢ ᠶᠢᠨ ᠪᠦᠯᠬᠦᠮ ᠢ ᠤᠷᠢᠬᠤ᠂ ᠭᠤᠤᠯᠳᠠᠯᠭ᠎ᠠ ᠲᠠᠢ ᠰᠤᠳᠤᠯᠭᠠᠨ ᠤ ᠰᠡᠳᠦᠪ ᠤᠨ | ᠰᠤᠳᠤᠯᠭᠠᠨ ᠢ ᠲᠣᠭᠲᠠᠭᠠᠬᠤ ᠵᠡᠷᠭᠡ ᠶᠠᠪᠤᠳᠠᠯ ᠢ ᠭᠠᠷᠳᠠᠨ ᠬᠢᠵᠦ ᠪᠠᠶᠢᠨ᠎ᠠ︾᠃ ᠠᠶᠢᠮᠠᠭ ᠤᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠢᠦᠶ ᠴᠢᠤᠸᠠᠨ ᠲᠠᠨᠢᠯᠴᠠᠭᠤᠯᠬᠤ ᠳᠠᠭᠠᠨ᠂ ᠨᠢᠳᠤᠨᠤᠨ ᠤ 12 | ᠰᠠᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠠᠷᠴᠢᠮ ᠳᠡᠭᠡᠷ᠎ᠡ ᠪᠠᠨ ᠬᠢᠩᠭᠠᠨ ᠠᠶᠢᠮᠠᠭ ᠤᠨ ᠤᠯᠤᠰ ᠤᠨ | ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ | ᠲᠥᠰᠦᠯ ᠢ ᠵᠥᠪᠰᠢᠶᠡᠷᠡᠵᠦ᠂ ᠡᠨᠡ ᠵᠢᠯ ᠬᠢᠩᠭᠠᠨ ᠠᠶᠢᠮᠠᠭ ᠤᠨ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ | ᠠᠬᠤᠶ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠪᠠᠰᠠ 2023 ᠣᠨ ᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ | ᠣᠷᠣᠭᠤᠯᠪᠠ᠃ | ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ | ᠠᠬᠤᠶ ᠶᠢᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠳᠤ ᠤᠯᠤᠰ ᠤᠨ ᠦᠬᠡᠷ ᠬᠤᠨᠢᠨ ᠤ ᠭᠤᠤᠯ | ᠡᠭᠦᠯᠳᠡᠷ ᠪᠤᠶᠢᠵᠢᠭᠤᠯᠬᠤ ᠲᠠᠯᠠᠪᠠᠶ᠂ ᠤᠯᠤᠰ ᠤᠨ ᠬᠤᠨᠢ ᠢᠮᠠᠭᠠᠨ ᠤ ᠰᠠᠭᠤᠷᠢᠨ ᠭᠠᠵᠠᠷ᠂ ᠥᠪᠥᠷ ᠮᠣᠩᠭᠤᠯ ᠤᠨ | ᠵᠡᠭᠦᠨ ᠬᠡᠰᠡᠭ ᠤᠨ ᠭᠠᠵᠠᠷ ᠣᠷᠣᠨ ᠤ ᠰᠠᠭᠠᠯᠢ ᠶᠢᠨ ᠦᠨᠢᠶ᠎ᠡ ᠶᠢᠨ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ᠂ | ᠤᠯᠤᠰ ᠤᠨ ᠮᠠᠯ ᠠᠵᠤ ᠠᠬᠤᠶ ᠶᠢᠨ ᠲᠤᠭ᠎ᠠ ᠣᠶᠤᠨ ᠤ ᠬᠢᠮᠢ ᠶᠢ ᠳᠡᠭᠡᠭᠰᠢᠯᠡᠭᠦᠯᠬᠦ ᠲᠤᠷᠰᠢᠯᠲᠠ ᠶᠢᠨ ᠰᠠᠭᠤᠷᠢᠨ | ᠭᠠᠵᠠᠷ ᠪᠠ ᠪᠥᠬᠦ ᠴᠠᠷᠠᠭᠠᠨ ᠤ ᠠᠮᠢᠲᠠᠨ ᠤ ᠬᠢᠵᠢᠭ ᠡᠪᠡᠳᠴᠢᠨ ᠥᠬᠡᠶ ᠣᠷᠣᠨ ᠤ ᠪᠥᠲᠥᠭᠡᠨ ᠪᠠᠶᠢᠭᠤᠯᠤᠯᠲᠠ ᠵᠡᠷᠭᠡ | 35 ᠵᠦᠢᠯ ᠤᠨ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠲᠥᠷᠥᠯ ᠵᠦᠢᠯ ᠢ | ᠭᠤᠤᠯᠳᠠᠯᠭ᠎ᠠ ᠲᠠᠢ ᠲᠥᠯᠥᠪᠯᠡᠵᠦ᠂ ᠨᠡᠶᠢᠲᠡ 65.06 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | 2023 ᠣᠨ ᠳᠤ 29.18 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠪᠠᠷ | ᠴᠢᠷᠮᠠᠶᠢᠨ᠎ᠠ᠃ | |