ᠰᠢ ᠶᠢᠨ ᠫᠢᠩ 36 ᠳ᠋ᠤᠭᠠᠷ ᠬᠤᠭᠤᠴᠠᠭᠠᠨ ᠤ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠦᠷᠦᠭᠦᠴᠦᠳ ᠤᠨ ᠬᠤᠷᠠᠯ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/2/21
    ᠤᠯᠤᠰ ᠤᠨ ᠲᠡᠷᠢᠭᠦᠯᠡᠭᠴᠢ ᠰᠢ ᠶᠢᠨ ᠫᠢᠩ 18 ᠤ ᠡᠳᠦᠷ 36 ᠳ᠋ᠤᠭᠠᠷ ᠬᠤᠭᠤᠴᠠᠭᠠᠨ ᠤ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠦᠷᠦᠭᠦᠴᠦᠳ ᠤᠨ ᠬᠤᠷᠠᠯ ᠳᠤ ᠴᠠᠭᠢᠯᠭᠠᠨ ᠴᠢᠮᠡᠭᠡ ᠶᠠᠪᠤᠭᠤᠯᠵᠤ᠂ ᠠᠹᠷᠢᠺᠠ ᠲᠢᠪ ᠤᠨ ᠤᠯᠤᠰ ᠤᠳ ᠪᠣᠯᠣᠨ ᠠᠷᠠᠳ ᠲᠦᠮᠡᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠥᠩᠭᠡᠷᠡᠭᠰᠡᠨ ᠨᠢᠭᠡ ᠵᠢᠯ ᠤᠨ ᠲᠤᠷᠰᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠠᠹᠷᠢᠺᠠ ᠲᠢᠪ ᠤᠨ ᠤᠯᠤᠰ ᠤᠳ ᠢ ᠪᠦᠯᠬᠦᠮᠳᠡᠭᠦᠯᠦᠨ ᠳᠠᠭᠠᠭᠤᠯᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠵᠤ᠂ ᠠᠹᠷᠢᠺᠠ ᠲᠢᠪ ᠤᠨ ᠴᠢᠯᠦᠭᠡᠲᠦ ᠠᠷᠠᠯᠵᠢᠶᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠹᠷᠢᠺᠠ ᠲᠢᠪ ᠤᠨ ᠬᠠᠯᠠᠮᠰᠢᠯ ᠠᠰᠠᠭᠤᠳᠠᠯ ᠢ ᠵᠣᠬᠢᠴᠠᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠠᠹᠷᠢᠺᠠ ᠲᠢᠪ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡᠯᠡᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠠᠹᠷᠢᠺᠠ ᠲᠢᠪ ᠤᠨ ᠤᠯᠤᠰ ᠪᠣᠯᠣᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠲᠠᠰᠤᠷᠠᠯᠲᠠ ᠦᠭᠡᠢ ᠨᠡᠩ ᠶᠡᠭᠡ ᠠᠮᠵᠢᠯᠲᠠ ᠣᠯᠬᠤ ᠶᠢ ᠴᠢᠩ ᠰᠡᠳᠬᠢᠯ ᠠᠴᠠ ᠪᠠᠨ ᠬᠦᠰᠡᠨ ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃ ᠰᠢ ᠶᠢᠨ ᠫᠢᠩ᠂ 2022 ᠣᠨ ᠳᠤ ᠳᠤᠮᠳᠠᠳᠤ ᠠᠹᠷᠢᠺᠠ ᠶᠢᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠪᠦᠭᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠴᠢᠨᠠᠷ ᠰᠠᠶᠢᠲᠠᠢ ᠲᠡᠶᠢᠰᠢ ᠬᠥᠭᠵᠢᠵᠦ᠂ ᠣᠯᠠᠨ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠃ ᠪᠢ ᠳᠤᠷᠠᠲᠠᠶ᠎ᠠ ᠠᠹᠷᠢᠺᠠ ᠲᠢᠪ ᠤᠨ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭ᠎ᠠ ᠶᠢ ᠤᠯᠠᠮ ᠴᠢᠩᠭᠠᠳᠬᠠᠵᠤ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号