ᠠᠮᠢᠳᠤᠷᠠᠯ ᠳᠤᠮᠳᠠ ᠵᠠᠷᠢᠮ ᠬᠥᠮᠦᠨ ᠵᠡᠮᠳᠡᠭ ᠪᠣᠯᠤᠭᠰᠠᠨ ᠤ ᠬᠠᠷᠠᠭ᠎ᠠ ᠪᠠᠷ ᠥᠭᠡᠳᠡ ᠦᠭᠡᠶ ᠪᠣᠯᠵᠤ᠂ | ᠥᠪᠡᠷ ᠤᠨ ᠪᠡᠶ᠎ᠡ ᠪᠠᠨ ᠣᠭᠤᠷᠤᠨ ᠬᠠᠶᠠᠳᠠᠭ ᠂ ᠪᠠᠰᠠ ᠵᠠᠷᠢᠮ ᠨᠢ ᠪᠡᠶ᠎ᠡ ᠵᠡᠮᠳᠡᠭ ᠵᠣᠷᠢᠭ ᠬᠠᠲᠠᠭᠤ ᠪᠠᠶᠢᠵᠤ᠂ | ᠨᠡᠶᠢᠭᠡᠮ ᠤᠨ ᠲᠥᠯᠥᠭᠡ ᠭᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠨ᠎ᠠ᠃ ᠲᠦᠴᠢᠦᠸᠠᠨ ᠰᠢᠶᠠᠨ ᠤ | ᠵᠡᠮᠳᠡᠭᠴᠦᠳ ᠤᠨ ᠬᠤᠯᠪᠣᠭ᠎ᠠ ᠶᠢᠨ ᠬᠡᠯᠲᠡᠰ ᠤᠨ ᠬᠠᠷᠢᠭᠤᠴᠠᠯᠭᠠᠲᠠᠨ ᠹᠠᠩ ᠱᠤᠤ ᠭᠠᠩ ᠪᠣᠯ ᠳᠠᠷᠤᠢ ᠬᠤᠶᠢᠨᠠᠬᠢ ᠨᠢ | ᠪᠣᠯᠤᠨ᠎ᠠ᠃ | ᠦᠨᠡᠮᠯᠡᠯ ᠤᠨ ᠲᠢᠩᠬᠢᠮ ᠳᠤ ᠰᠤᠷᠪᠤᠯᠵᠢᠯᠠᠬᠤ ᠪᠠᠷ ᠢᠷᠡᠭᠰᠡᠨ ᠵᠡᠮᠳᠡᠭᠴᠦᠳ ᠢ ᠬᠦᠯᠢᠶᠡᠨ ᠠᠪᠴᠤ᠂ | ᠵᠡᠮᠳᠡᠭᠴᠦᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠪᠣᠯ ᠲᠡᠭᠦᠨ ᠤ ᠡᠳᠦᠷ | ᠲᠤᠳᠤᠮ ᠤᠨ ᠶᠠᠭᠠᠷᠠᠯᠲᠠᠢ ᠠᠵᠢᠯᠯᠠᠵᠤ ᠪᠠᠶᠢᠭ᠎ᠠ ᠶᠠᠪᠤᠳᠠᠯ ᠪᠣᠯᠤᠨ᠎ᠠ︔ ᠵᠡᠮᠳᠡᠭᠴᠦᠳ ᠤᠨ ᠲᠥᠯᠥᠭᠡᠯᠡᠭᠴᠢᠳ ᠤᠨ | ᠶᠡᠭᠡ ᠬᠤᠷᠠᠯ ᠢ ᠪᠡᠯᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠮᠠᠲ᠋ᠧᠷᠢᠶᠠᠯ ᠢ ᠬᠠᠷᠭᠤᠭᠤᠯᠪᠠᠯ | ᠲᠡᠭᠦᠨ ᠤ ᠨᠠᠷᠢᠨ ᠬᠢᠨᠠᠮᠠᠭᠠᠢ ᠠᠵᠢᠯᠯᠠᠵᠤ ᠪᠠᠶᠢᠭ᠎ᠠ ᠪᠠᠷ᠎ᠠ ᠶᠢ ᠣᠯᠵᠤ ᠬᠠᠷᠠᠨ᠎ᠠ︔ ᠴᠥᠮ᠎ᠡ ᠶᠢᠨ ᠬᠦᠴᠢᠯ ᠤᠨ | ᠪᠠᠶᠢᠴᠠᠭᠠᠯᠲᠠ ᠶᠢᠨ ᠴᠡᠭ᠂ ᠵᠢᠵᠢᠭᠦᠷᠯᠡᠨ ᠰᠠᠬᠢᠬᠤ᠂ ᠡᠷᠦᠭᠡ ᠳᠤ ᠣᠷᠣᠵᠤ ᠳᠠᠷᠠᠭᠠᠯᠠᠨ ᠪᠠᠶᠢᠴᠠᠭᠠᠬᠤ ᠪᠣᠯ ᠲᠡᠭᠦᠨ ᠤ | ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠤᠭ ᠤᠨ ᠭᠤᠶᠤ ᠰᠥᠷᠭᠡᠦ ᠠᠵᠢᠯᠯᠠᠭ᠎ᠠ ᠪᠣᠯᠤᠨ᠎ᠠ ᠁ ᠵᠡᠮᠳᠡᠭᠴᠦᠳ ᠤᠨ | ᠬᠤᠯᠪᠣᠭ᠎ᠠ ᠳᠤ ᠠᠵᠢᠯᠯᠠᠭᠰᠠᠨ 10 ᠵᠢᠯ ᠤᠨ ᠲᠤᠷᠰᠢ᠂ ᠹᠠᠩ ᠱᠤᠤ ᠭᠠᠩ ᠥᠪᠡᠷ ᠤᠨ ᠪᠣᠳᠠᠲᠤ | ᠠᠵᠢᠯᠯᠠᠭ᠎ᠠ ᠪᠠᠷ ᠢᠶᠠᠨ ᠵᠡᠮᠳᠡᠭᠴᠦᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ | ᠢᠯᠡᠷᠡᠭᠦᠯᠦᠭᠰᠡᠨ ᠪᠥᠭᠡᠳ ᠵᠡᠮᠳᠡᠭᠴᠦᠳ ᠤᠨ ᠠᠵᠢᠯᠲᠠᠳ ᠤᠨ ᠡᠭᠦᠷᠭᠡ ᠬᠠᠷᠢᠭᠤᠴᠠᠯᠭ᠎ᠠ ᠶᠢ ᠴᠤ ᠢᠯᠡᠷᠡᠭᠦᠯᠦᠭᠰᠡᠨ | ᠪᠠᠶᠢᠨ᠎ᠠ᠃ | ᠹᠠᠩ ᠱᠤᠤ ᠭᠠᠩ 13 ᠨᠠᠰᠤᠲᠠᠶ ᠳᠠᠭᠠᠨ ᠥᠨᠳᠥᠷ ᠬᠦᠴᠦᠳᠡᠯᠲᠦ ᠴᠠᠬᠢᠯᠭᠠᠨ ᠳᠤ ᠴᠣᠬᠢᠭᠳᠠᠭᠰᠠᠨ ᠠᠴᠠ ᠪᠤᠯᠵᠤ | ᠪᠠᠷᠠᠭᠤᠨ ᠭᠠᠷ ᠢᠶᠠᠨ ᠥᠨᠳᠥᠷ ᠪᠠᠶᠢᠷᠢ ᠳᠤ ᠣᠭᠲᠣᠯᠤᠨ ᠠᠪᠤᠭᠰᠠᠨ ᠪᠣᠯᠪᠠᠴᠤ ᠲᠡᠷᠡ ᠮᠠᠭᠤ ᠬᠤᠪᠢ ᠵᠠᠶᠠᠭᠠᠨ ᠳᠤ | ᠴᠣᠬᠢᠭᠳᠠᠨ ᠤᠨᠠᠭᠰᠠᠨ ᠦᠭᠡᠢ᠂ ᠬᠦᠴᠢᠷ ᠪᠡᠷᠬᠡᠰᠢᠶᠡᠯ ᠢ ᠢᠯᠠᠨ ᠳᠠᠪᠠᠭᠰᠠᠨ ᠦᠭᠡᠢ᠂ ᠤᠷᠢᠳ ᠬᠤᠵᠢᠳ | ᠪᠣᠷᠣᠲᠣᠬᠤᠢ ᠶᠢᠨ ᠶᠡᠭᠡ ᠰᠤᠷᠭᠠᠭᠤᠯᠢ ᠪᠣᠯᠤᠨ ᠰᠢ ᠠᠨ ᠤ ᠭᠠᠳᠠᠭᠠᠳᠤ ᠬᠡᠯᠡᠨ ᠤ ᠶᠡᠭᠡ ᠰᠤᠷᠭᠠᠭᠤᠯᠢ ᠶᠢᠨ ᠠᠩᠭ᠍ᠯᠢ | ᠬᠡᠯᠡᠨ ᠤ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠰᠤᠷᠤᠯᠴᠠᠯᠭ᠎ᠠ ᠪᠠᠨ ᠲᠡᠭᠦᠰᠬᠡᠵᠦ᠂ ᠰᠢᠯᠢᠳᠡᠭ ᠬᠢᠷᠢ | ᠪᠦᠲᠦᠮᠵᠢ ᠪᠠᠷ ᠲᠡᠭᠦᠰᠴᠡᠢ᠃ 2012 ᠣᠨ ᠤ 3 ᠰᠠᠷ᠎ᠠ ᠳᠤ᠂ ᠲᠦᠴᠢᠦᠸᠠᠨ ᠰᠢᠶᠠᠨ ᠤ ᠵᠡᠮᠳᠡᠭᠴᠦᠳ ᠤᠨ | ᠬᠤᠯᠪᠣᠭ᠎ᠠ ᠳᠤ ᠰᠢᠯᠵᠢᠨ ᠠᠵᠢᠯᠯᠠᠭᠰᠠᠨ ᠪᠥᠭᠡᠳ ᠤᠷᠢᠳ ᠬᠤᠵᠢᠳ ︽ᠬᠢᠩᠭᠠᠨ ᠠᠶᠢᠮᠠᠭ ᠤᠨ ᠵᠡᠮᠳᠡᠭᠴᠦᠳ ᠤᠨ | ᠠᠵᠢᠯ ᠤᠨ ᠲᠡᠷᠢᠭᠦᠨ ᠤ ᠬᠤᠪᠢ ᠬᠥᠮᠦᠨ︾᠂ ︽ᠬᠢᠩᠭᠠᠨ ᠠᠶᠢᠮᠠᠭ ᠤᠨ ᠬᠤᠶᠠᠳᠤᠭᠠᠷ ᠬᠤᠭᠤᠴᠠᠭᠠᠨ ᠤ ᠠᠷᠪᠠᠨ | ᠰᠢᠯᠢᠳᠡᠭ ᠵᠠᠯᠠᠭᠤ ᠨᠠᠰᠤᠨ ᠤ ᠦᠯᠢᠭᠡᠷ ᠳᠠᠭᠤᠷᠢᠶᠠᠯ ᠤᠨ ᠴᠣᠯᠠ︾ ᠶᠢ ᠬᠦᠷᠳᠡᠪᠡ᠃ | 【 ᠲᠠ ᠣᠳᠣ ᠡᠨᠡ ᠬᠦ ᠭᠤᠶᠤᠴᠢᠯᠠᠯ ᠤᠨ ᠬᠦᠰᠦᠨᠦᠭᠲᠦ ᠪᠠᠨ ᠠᠪᠴᠤ ᠶᠠᠰᠤᠨ ᠤ ᠰᠠᠯᠠᠭᠠᠨ ᠤ ᠡᠭᠦᠳᠡᠨ | ᠡᠮᠨᠡᠯᠭᠡ ᠳᠤ ᠬᠦᠷᠴᠦ ᠵᠡᠮᠳᠡᠭᠴᠦᠳ ᠢ ᠰᠢᠯᠭᠠᠷᠠᠭᠤᠯᠬᠤ ᠡᠮᠴᠢ ᠪᠠᠷ ᠰᠢᠯᠭᠠᠨ ᠲᠣᠭᠲᠠᠭᠠᠯᠭᠠᠵᠤ ᠪᠣᠯᠤᠨ᠎ᠠ᠂ ᠰᠢᠯᠭᠠᠵᠤ | ᠪᠠᠷᠠᠭᠰᠠᠨ ᠤ ᠳᠠᠷᠠᠭ᠎ᠠ ᠨᠢᠭᠡᠳᠦᠭᠡᠷ ᠳᠠᠪᠬᠤᠷ ᠤᠨ ᠶᠡᠭᠡ ᠲᠢᠩᠬᠢᠮ ᠤᠨ ᠡᠮᠴᠢᠯᠡᠭᠡᠨ ᠤ ᠬᠥᠲᠥᠴᠢ ᠶᠢᠨ ᠲᠠᠶᠢᠰᠠᠨ ᠳᠤ | ᠣᠴᠢᠵᠤ ᠰᠤᠪᠢᠯᠠᠭᠴᠢ ᠪᠠᠷ ᠲᠠᠮᠠᠭ᠎ᠠ ᠳᠠᠷᠤᠭᠤᠯᠬᠤ ᠶᠢ ᠶᠠᠭᠠᠬᠢᠭᠰᠠᠨ ᠴᠤ ᠮᠠᠷᠲᠠᠵᠤ ᠪᠣᠯᠬᠤ ᠦᠭᠡᠢ᠃ 】 【 | ᠢᠩᠭᠢᠪᠡᠯ ᠪᠣᠯᠴᠢᠬᠠᠨ᠎ᠠ᠂ ᠲᠡᠷᠡ ᠦᠶ᠎ᠡ ᠳᠤ ᠭᠠᠴᠠᠭᠠᠨ ᠤ ᠠᠷᠠᠳ ᠤᠨ ᠵᠥᠪᠯᠡᠯ ᠪᠤᠶᠤ ᠨᠡᠶᠢᠭᠡᠮ ᠲᠣᠭᠤᠷᠢᠭ ᠠᠴᠠ | ᠭᠡᠷᠡᠴᠢ ᠠᠪᠬᠤ ᠪᠠᠷ ᠣᠴᠢᠨ᠎ᠠ᠃ 】 ᠁ ᠵᠡᠮᠳᠡᠭᠴᠦᠳ ᠤᠨ ᠦᠨᠡᠮᠯᠡᠯ ᠢ ᠭᠦᠢᠴᠡᠳᠬᠡᠬᠦ ᠠᠵᠢᠯ ᠢ ᠬᠠᠷᠢᠭᠤᠴᠠᠵᠤ | ᠪᠠᠶᠢᠭ᠎ᠠ ᠹᠠᠩ ᠱᠤᠤ ᠭᠠᠩ ᠡᠳᠦᠷ ᠪᠦᠷᠢ ᠦᠨᠡᠮᠯᠡᠯ ᠭᠦᠢᠴᠡᠳᠬᠡᠬᠦ ᠴᠣᠩᠬᠤᠨ ᠳᠤ ᠵᠡᠮᠳᠡᠭᠴᠦᠳ ᠤᠯᠠᠨ ᠲᠠᠢ | ᠬᠦᠯᠢᠴᠡᠩᠭᠦᠢ ᠪᠠᠷ ᠰᠠᠨᠠᠯ ᠢᠶᠠᠨ ᠰᠣᠯᠢᠯᠴᠠᠨ᠎ᠠ᠃ ᠡᠳᠦᠷ ᠲᠤᠳᠤᠮ ᠤᠨ ᠦᠨᠡᠮᠯᠡᠯ ᠠᠪᠬᠤ ᠶᠠᠪᠤᠴᠠ ᠳᠤ᠂ ᠲᠡᠷᠡ | ᠨᠠᠷᠢᠨ ᠠᠵᠢᠭᠯᠠᠵᠤ᠂ ᠬᠦᠯᠢᠴᠡᠩᠭᠦᠢ ᠪᠠᠷ ᠲᠠᠶᠢᠯᠪᠤᠷᠢᠯᠠᠵᠤ᠂ ᠦᠨᠡᠮᠯᠡᠯ ᠠᠪᠬᠤ ᠪᠠᠷᠢᠮᠵᠢᠶ᠎ᠠ ᠶᠢ ᠴᠢᠩᠭ᠎ᠠ ᠡᠵᠡᠮᠳᠡᠬᠦ | ᠮᠥᠷᠲᠡᠭᠡᠨ ᠵᠡᠮᠳᠡᠭᠴᠦᠳ ᠤᠨ ᠡᠷᠬᠡ ᠠᠰᠢᠭ ᠢ ᠵᠦᠢ ᠵᠣᠬᠢᠰᠲᠠᠢ ᠬᠠᠮᠠᠭᠠᠯᠠᠬᠤ ᠶᠢ ᠠᠩᠬᠠᠷᠴᠠᠢ᠃ | ︽ ᠮᠢᠨᠦ ᠬᠥᠭᠰᠢᠨ ᠬᠡᠪᠲᠡᠭᠡᠳ ᠬᠡᠳᠦᠨ ᠵᠢᠯ ᠪᠣᠯᠵᠤ ᠪᠠᠢᠨ᠎ᠠ᠂ ᠭᠡᠷ ᠲᠤᠨᠢ ᠣᠴᠢᠵᠤ ᠵᠡᠮᠳᠡᠭᠴᠦᠳ ᠢ | ᠦᠨᠡᠯᠡᠨ᠎ᠡ ᠭᠡᠵᠦ ᠦᠨᠡᠬᠡᠷ ᠪᠣᠳᠣᠵᠤ ᠣᠯᠤᠭᠰᠠᠨ ᠦᠭᠡᠶ︾ ᠭᠡᠪᠡ᠃ ᠭᠡᠵᠦ ᠯᠢᠦ ᠬᠤ᠋ ᠪᠠᠯᠭᠠᠰᠤᠨ ᠤ | ᠵᠡᠮᠳᠡᠭᠴᠦᠳ ᠤᠨ ᠭᠡᠷ ᠪᠦᠯᠢ ᠶᠢᠨ ᠬᠢᠨ ᠲᠦ᠋ ᠬᠦᠢ ᠪᠦᠦ ᠬᠡᠯᠡᠪᠡ᠃ ᠡᠮᠨᠡᠯᠭᠡ ᠳᠤ ᠬᠦᠷᠴᠦ ᠵᠡᠮᠳᠡᠭᠴᠦᠳ ᠢ | ᠰᠢᠯᠭᠠᠷᠠᠭᠤᠯᠵᠤ ᠳᠡᠶᠢᠯᠬᠦ ᠦᠭᠡᠢ ᠬᠦᠨᠳᠦ ᠵᠡᠮᠳᠡᠭ ᠬᠥᠮᠦᠨ ᠲᠠᠢ ᠲᠠᠭᠠᠷᠠᠯᠳᠤᠪᠠᠯ᠂ ᠹᠠᠩ ᠱᠤᠤ ᠭᠠᠩ ᠦᠷᠭᠦᠯᠵᠢ | ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠵᠡᠮᠳᠡᠭᠴᠦᠳ ᠢ ᠰᠢᠯᠭᠠᠷᠠᠭᠤᠯᠬᠤ ᠡᠮᠴᠢ ᠲᠠᠢ | ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠬᠡᠷ ᠲᠤᠨᠢ ᠬᠦᠷᠴᠦ | ᠵᠡᠮᠳᠡᠭᠴᠦᠳ ᠲᠤ ᠵᠡᠮᠳᠡᠭᠴᠦᠳ ᠤᠨ ᠦᠨᠡᠮᠯᠡᠯ ᠠᠪᠴᠤ ᠥᠭᠲᠡᠭ᠃ ︽ᠵᠡᠮᠳᠡᠭ ᠬᠥᠮᠦᠨ ᠪᠣᠯᠤᠭᠰᠠᠨ ᠤ | ᠬᠤᠪᠢ ᠳᠤ ᠪᠢ ᠵᠡᠮᠳᠡᠭᠴᠦᠳ ᠤᠨ ᠬᠦᠴᠢᠷᠳᠡᠯ ᠢ ᠦᠨᠡᠨ ᠬᠦ ᠣᠶᠢᠯᠠᠭᠠᠵᠤ ᠴᠢᠳᠠᠨ᠎ᠠ᠂ ᠪᠢ ᠲᠡᠳᠡᠨ ᠤ ︿ᠰᠡᠳᠬᠢᠯ ᠢ | ᠮᠡᠳᠡᠭᠴᠢ﹀ ᠪᠣᠯᠬᠤ ᠳᠤᠷᠠᠲᠠᠶ︾᠃ ᠹᠠᠩ ᠱᠣᠣ ᠭᠠᠩ ᠬᠡᠯᠡᠬᠦ ᠳᠡᠭᠡᠨ᠂ ᠣᠳᠣᠬᠠᠨ ᠳᠤ ᠲᠡᠷᠡ ᠨᠢᠭᠡᠨᠲᠡ 87 | ᠵᠡᠮᠳᠡᠭᠴᠦᠳ ᠲᠤ ᠬᠡᠷ ᠲᠤᠨᠢ ᠬᠦᠷᠴᠦ ᠵᠡᠮᠳᠡᠭᠴᠦᠳ ᠤᠨ ᠦᠨᠡᠮᠯᠡᠯ ᠠᠪᠴᠤ ᠥᠭᠭᠦᠭᠡᠳ᠂ ᠵᠡᠮᠳᠡᠭᠴᠦᠳ ᠲᠤ ᠨᠠᠮ | ᠪᠠ ᠤᠯᠤᠰ ᠤᠨ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠲᠡᠭᠡᠭᠰᠡᠨ ᠪᠠᠶᠢᠨ᠎ᠠ ᠭᠡᠵᠡᠶ᠃ | ᠠᠵᠢᠯ ᠤᠨ ᠳᠤᠮᠳᠠ ᠹᠠᠩ ᠱᠤᠤ ᠭᠠᠩ ᠨᠠᠷᠢᠨ ᠬᠢᠨᠠᠮᠠᠭᠠᠢ ᠬᠠᠷᠢᠭᠤᠴᠠᠵᠤ᠂ ᠠᠮᠢᠳᠤᠷᠠᠯ ᠤᠨ ᠳᠤᠮᠳᠠ ᠲᠡᠷᠡ ᠪᠣᠯ | ᠨᠢᠭᠡᠨ ᠠᠪᠤᠷᠭᠤ ᠲᠠᠮᠢᠷᠴᠢᠨ ᠪᠠᠶᠢᠵᠤ᠂ ᠬᠤᠶᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠭᠤᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠲᠠᠪᠤᠳᠤᠭᠠᠷ ᠬᠤᠭᠤᠴᠠᠭᠠᠨ ᠤ ᠥᠪᠡᠷᠲᠡᠭᠡᠨ | ᠵᠠᠰᠠᠬᠤ ᠣᠷᠣᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠵᠤ᠂ ᠬᠤᠯᠠ ᠬᠠᠷᠠᠶᠢᠯᠲᠠ᠂ | ᠭᠦᠶᠦᠬᠦ ᠤᠷᠤᠯᠳᠤᠭᠠᠨ᠂ ᠥᠨᠳᠥᠷ ᠦᠰᠦᠷᠦᠯᠲᠡ ᠵᠡᠷᠭᠡ ᠲᠦᠷᠦᠯ ᠵᠦᠢᠯ ᠳᠤ ᠬᠡᠳᠦ ᠤᠯᠠᠨ ᠠᠯᠳᠠ᠂ ᠮᠥᠩᠭᠦ᠂ | ᠭᠠᠤᠯᠢᠨ ᠮᠧᠳᠠᠯ ᠣᠯᠵᠤ ᠥᠩᠭᠡᠷᠡᠵᠡᠢ᠃ | ᠲᠡᠷᠡ ᠪᠣᠯ ᠨᠢᠭᠡᠨ ᠬᠢᠷᠢ ᠲᠡᠩᠴᠡᠭᠰᠡᠨ ᠵᠡᠮᠳᠡᠭᠴᠦᠳ ᠤᠨ ᠠᠵᠢᠯᠲᠠᠨ ᠮᠥᠨ᠂ ᠲᠡᠷᠡ ᠨᠢᠭᠡᠨ ᠵᠡᠮᠳᠡᠭ ᠬᠥᠮᠦᠨ | ᠪᠣᠯᠤᠭᠰᠠᠨ ᠤ ᠬᠤᠪᠢ ᠳᠠᠬᠢ ᠮᠠᠰᠢ ᠤᠯᠠᠨ ᠬᠢᠯᠪᠠᠷ ᠪᠤᠰᠤ ᠶᠠᠪᠤᠳᠠᠯ ᠢ ᠭᠦᠨ ᠣᠶᠢᠯᠠᠭᠠᠳᠠᠭ ᠪᠥᠭᠡᠳ ᠪᠠᠰᠠ | ᠥᠪᠡᠷ ᠤᠨ ᠵᠡᠮᠳᠡᠭᠴᠦᠳ ᠤᠨ ᠠᠵᠢᠯᠳᠠᠨ ᠪᠣᠯᠤᠭᠰᠠᠨ ᠤ ᠬᠤᠪᠢ ᠳᠠᠬᠢ ᠬᠠᠷᠢᠭᠤᠴᠠᠯᠭ᠎ᠠ ᠪᠠᠨ ᠴᠠᠭ ᠢᠮᠠᠭᠲᠠ | ᠲᠣᠳᠣᠷᠬᠠᠢ ᠮᠡᠳᠡᠳᠡᠭ᠃ ᠠᠵᠢᠯ ᠠᠮᠢᠳᠤᠷᠠᠯ ᠤᠨ ᠳᠤᠮᠳᠠ ᠪᠠᠨ ᠲᠡᠷᠡ ᠪᠣᠳᠠᠲᠤ ᠠᠵᠢᠯᠯᠠᠭ᠎ᠠ ᠪᠠᠷ ᠢᠶᠠᠨ ︽ᠪᠡᠶ᠎ᠡ ᠪᠠᠨ | ᠬᠦᠨᠳᠦᠳᠬᠡᠬᠦ᠂ ᠪᠡᠶ᠎ᠡ ᠪᠠᠨ ᠢᠲᠡᠭᠡᠬᠦ᠂ ᠪᠡᠶ᠎ᠡ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ︾ ᠡᠷᠬᠢᠮ ᠳᠡᠭᠡᠳᠦ | ᠵᠣᠷᠢᠭ ᠰᠠᠨᠠᠭ᠎ᠠ ᠶᠢ ᠲᠠᠶᠢᠯᠪᠤᠷᠢᠯᠠᠵᠤ ᠪᠠᠶᠢᠳᠠᠭ︕ |