ᠮᠥᠰᠥ ᠴᠠᠰᠤᠨ ᠤ ᠰᠠᠯᠬᠢᠨ ᠴᠠᠬᠢᠯᠭᠠᠨ ᠤ ᠬᠡᠮᠵᠢᠶ᠎ᠡ ᠵᠢᠷᠤᠭ ᠮᠡᠲᠦ ᠭᠤᠶᠣ
ᠨᠡᠶᠢᠲᠡᠯᠡᠭᠰᠡᠨ ᠴᠠᠭ᠄
2023/2/22
 
    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠲᠤᠬᠤᠮ ᠰᠤᠮᠤ ᠶᠢᠨ ᠭᠦᠶᠦᠭᠡᠨ ᠠᠭᠤᠯᠠ ᠳᠣᠪᠣᠷᠬᠠᠭ ᠳᠡᠭᠡᠷ᠎ᠡ᠂ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ ᠶᠢᠨ 229 ᠲᠠᠶᠢᠹᠤᠩ ᠰᠠᠯᠬᠢᠨ ᠤ ᠮᠠᠰᠢᠨ ᠡᠮᠬᠢ ᠵᠠᠮᠪᠠᠷᠠᠭ᠎ᠠ ᠲᠠᠢ ᠪᠠᠶᠢᠵᠤ᠂ ᠨᠢᠭᠡ ᠬᠡᠰᠡᠭ ᠴᠠᠭᠠᠨ ︽ᠣᠶ ᠰᠢᠭᠤᠶ︾ ᠨᠢ ᠲᠠᠯ᠎ᠠ ᠨᠤᠲᠤᠭ ᠤᠨ ᠭᠠᠶᠢᠬᠠᠮᠰᠢᠭᠲᠤ ᠦᠵᠡᠮᠵᠢ ᠶᠢ ᠪᠣᠶ ᠪᠣᠯᠭᠠᠪᠠ᠃ ᠪᠥᠬᠦ ᠤᠯᠤᠰ ᠤᠨ ᠠᠩᠬᠠᠳᠠᠭᠴᠢ ᠲᠠᠩ ᠪᠡᠶᠡᠲᠦ ᠵᠠᠭᠤᠨ ᠲᠦᠮᠡᠨ ᠺᠢᠯᠣᠸᠠᠲ ᠤᠨ ᠲᠠᠰ ᠤᠨ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂  ᠵᠦᠩ ᠭᠤᠸᠠᠩ ᠾᠧ ᠬᠢᠩᠭᠠᠨ ᠠᠶᠢᠮᠠᠭ ᠤᠨ 100 ᠲᠦᠮᠡᠨ ᠺᠢᠯᠣᠸᠠᠲ ᠤᠨ ᠲᠥᠷᠥᠯ  ᠵᠦᠢᠯ ᠢ ᠨᠢᠭᠡᠨᠲᠡ 2022 ᠣᠨ ᠤ 6 ᠰᠠᠷ᠎ᠠ ᠳᠤ ᠠᠰᠢᠭᠯᠠᠯᠲᠠ ᠳᠤ ᠣᠷᠣᠭᠤᠯᠵᠤ᠂ 2022 ᠣᠨ ᠤ ᠴᠠᠬᠢᠯᠭᠠᠨ ᠭᠠᠷᠭᠠᠬᠤ ᠬᠡᠮᠵᠢᠶ᠎ᠡ ᠨᠢ 18 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠵᠢᠯ ᠳᠤ 1800 ᠴᠠᠭ ᠰᠠᠴᠠᠭᠤ ᠠᠰᠢᠭᠯᠠᠵᠠᠶ᠃ ᠲᠣᠰ ᠲᠥᠷᠥᠯ  ᠵᠦᠢᠯ ᠳᠤ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 92 ᠲᠦᠮᠡᠨ ᠲᠣᠨ ᠠᠴᠠ ᠢᠯᠡᠭᠦᠤ ᠠᠷᠪᠢᠯᠠᠨ ᠬᠡᠷᠡᠭᠯᠡᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 250 ᠲᠦᠮᠡᠨ ᠲᠣᠨ ᠪᠠᠭᠠᠰᠬᠠᠵᠤ᠂ ᠨᠡᠯᠢᠶᠡᠳ ᠰᠠᠶᠢᠨ ᠠᠵᠤ ᠠᠬᠤᠶ ᠶᠢᠨ ᠦᠷ᠎ᠡ ᠠᠰᠢᠭ ᠪᠠ ᠣᠷᠴᠢᠨ ᠠᠬᠤᠶ ᠶᠢᠨ ᠬᠠᠮᠠᠭᠠᠯᠠᠯᠲᠠ ᠶᠢᠨ ᠦᠷ᠎ᠡ ᠠᠰᠢᠭ ᠲᠠᠢ ᠶᠤᠮ᠃              ᠰᠤᠷᠪᠤᠯᠵᠢᠯᠠᠭᠴᠢ ᠪᠦᠦ ᠪᠤᠶᠠᠨᠳᠡᠯᠭᠡᠷ ᠯᠢ ᠵᠢᠶᠠᠨ ᠫᠢᠩ ᠰᠡᠭᠦᠳᠡᠷᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号