ᠰᠦᠬᠡ ᠭᠤᠣᠯᠳᠠᠯᠭ᠎ᠠ ᠲᠠᠢ ᠠᠵᠤ ᠦᠢᠯᠡᠳᠪᠦᠷᠢ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/22
    2 ᠳ᠋ᠤᠭᠠᠷ ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠬᠡᠰᠡᠭ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ  ᠦᠢᠯᠡᠳᠪᠦᠷᠢᠯᠡᠯ ᠠᠵᠢᠯᠯᠠᠭᠠᠨ᠂ ᠠᠶᠤᠯᠭᠦᠶ  ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠰᠦᠬᠡ ᠨᠠᠷ ᠤᠷᠢᠳ ᠬᠤᠵᠢᠳ ᠤᠯᠠᠭᠠᠨᠬᠤᠲᠠ ᠶᠢᠨ ᠪᠤᠯᠤᠳ ᠲᠡᠮᠤᠷ ᠤᠨ ᠺᠣᠮᠫᠠᠨᠢ᠂ ᠤᠯᠠᠭᠠᠨᠬᠤᠲᠠ ᠶᠢᠨ ᠶᠠᠨᠵᠤᠤᠷ ᠲᠠᠮᠠᠬᠢ ᠶᠢᠨ ᠦᠢᠯᠡᠳᠪᠦᠷᠢ᠂ ᠪᠥᠸᠧ ᠶᠤᠸᠠᠨ ᠬᠢᠮᠢ ᠶᠢᠨ ᠤᠬᠠᠭᠠᠨ᠂ ᠤᠯᠠᠭᠠᠨ ᠲᠠᠢ ᠠᠨ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠪᠣᠯᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ  ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠡᠷᠡ ᠠᠵᠤ ᠠᠬᠤᠶᠢᠯᠠᠯ ᠢ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠦᠢᠯᠡᠳᠬᠦᠨ ᠤ ᠶᠠᠰᠤ ᠴᠢᠨᠠᠷ ᠪᠣᠯᠤᠨ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠭᠡᠵᠦ ᠵᠣᠷᠢᠭᠵᠢᠭᠤᠯᠪᠠ᠃    ᠰᠦᠬᠡ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠨᠠᠭᠰᠢᠳᠠ ᠴᠢᠩᠭᠠᠳᠬᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠡᠯᠧᠮᠧᠨ᠋ᠲ ᠤᠨ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠠᠷ ᠳᠠᠮᠵᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾  ᠦᠢᠯᠡᠳᠪᠦᠷᠢᠯᠡᠯ ᠤᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠠᠶᠤᠯᠭᠦᠢ  ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠨᠠᠶᠢᠳᠠᠪᠤᠷᠢᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ  ᠭᠡᠪᠡ᠃    ᠠᠶᠢᠮᠠᠭ ᠤᠨ ᠤᠳᠤᠷᠢᠳᠤᠯᠭ᠎ᠠ ᠶᠠᠩ ᠵᠢᠢ ᠫᠧᠩ᠂ ᠯᠢᠶᠠᠩ ᠶᠠᠨ ᠵᠢᠶᠦ᠋ᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号