ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/22
    2 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ  ᠵᠦᠸᠧ  ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭ᠎ᠠ ᠶᠢᠨ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠵᠠᠷᠯᠠᠨ ᠮᠡᠳᠡᠭᠳᠡᠭᠰᠡᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠳᠤᠷᠢᠳᠬᠤ ᠺᠠᠳ᠋ᠷᠴᠤᠳ ᠤᠨ ᠳᠡᠪᠰᠢᠵᠦ ᠪᠠᠭᠤᠵᠤ ᠪᠦᠷ ᠪᠣᠯᠬᠤ ᠶᠢ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠨᠠᠷᠢᠨ ᠲᠦᠷᠢᠮ︾ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠶᠢᠨ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠲᠦᠩ  ᠪᠦᠷᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠯᠢ ᠰᠢᠶᠤᠤ ᠭᠤᠸᠠᠩ ᠪᠣᠯᠤᠨ ᠭᠦᠸᠧ ᠲᠠᠩ ᠬᠤᠷᠠᠯ ᠳᠤ ᠣᠷᠣᠯᠴᠠᠵᠤ᠂ ᠳᠡᠳ᠋ ᠡᠷᠬᠢᠯᠡᠭᠴᠢ ᠪᠦᠦ ᠰᠢᠨ ᠮᠢᠨ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠤᠨ 2023 ᠣᠨ ᠤ ᠠᠵᠢᠯ ᠤᠨ ᠭᠤᠣᠯᠳᠠᠯᠭ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠦᠪᠯᠡᠯ ᠤᠨ2023 ᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠪᠣᠯᠤᠨ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠵᠡᠷᠭᠡ ᠠᠵᠢᠯ ᠢ ᠰᠤᠳᠤᠯᠤᠨ ᠵᠠᠷᠴᠢᠮ ᠳᠡᠭᠡᠷ᠎ᠡ ᠪᠠᠨ ᠪᠠᠲᠤᠯᠠᠭᠰᠠᠨ ᠪᠥᠭᠡᠳ ᠤᠢᠢᠷ᠎ᠠ ᠶᠢᠨ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯᠳᠠᠯᠭ᠎ᠠ ᠲᠠᠢ ᠠᠵᠢᠯ ᠳᠤ ᠳᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ ᠱᠠᠭᠠᠷᠳᠠᠭᠰᠠᠨ ᠨᠢ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ  ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ  ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷ᠎ᠠ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠳᠥᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠨ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠵᠣᠷᠢᠭᠵᠢᠭᠤᠯᠵᠤ᠂ ᠪᠠᠶᠢᠴᠠᠭᠠᠨ ᠰᠤᠳᠤᠯᠬᠤ ᠴᠢᠳᠠᠪᠤᠷᠢ᠂ ᠰᠡᠳᠬᠢᠬᠦ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠬᠢᠨᠠᠯᠲᠠ ᠲᠠᠯᠪᠢᠬᠤ ᠡᠭᠦᠷᠭᠡ ᠪᠠᠨ ᠴᠢᠨᠠᠷ ᠰᠠᠶᠢᠲᠠᠶ  ᠪᠡᠶᠡᠯᠡᠭᠦᠯᠬᠦ ᠬᠡᠷᠡᠭᠲᠡᠢ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号