︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ︵ᠲᠤᠷᠰᠢᠨ ᠬᠡᠷᠡᠭᠵᠢᠭᠦᠯᠬᠦ︶︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/2/22
     ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠲᠥᠷᠥ ᠠᠯᠪᠠᠨ ᠲᠠᠷᠬᠠᠭᠠᠭᠰᠠᠨ ︹ 2013 ︺ 101 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠥᠬᠦᠶ ᠲᠣᠭᠲᠠᠭᠠᠯ ᠵᠢᠴᠢ ᠨᠠᠶᠢᠷᠠᠭᠤᠯᠤᠨ ᠵᠠᠰᠠᠬᠤ ᠠᠵᠢᠯ ᠤᠨ ᠴᠤᠪᠤᠷᠠᠯ ᠤᠨ ᠶᠣᠰᠣᠭᠠᠷ᠂ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ 2021 ᠣᠨ ᠤ 10 ᠳ᠋ᠤᠭᠠᠷ ᠰᠠᠷ᠎ᠠ ᠠᠴᠠ ᠡᠬᠢᠯᠡᠨ᠂ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠶᠡᠷᠦᠩᠬᠡᠶ ᠲᠥᠰᠦᠯ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠨᠢᠭᠡ᠂   ᠠᠬᠤᠶ ᠪᠠᠶᠢᠳᠠᠯ ᠵᠢᠴᠢ ᠶᠠᠪᠤᠴᠠ    ᠬᠢᠩᠭᠠᠨ ᠠᠶᠢᠮᠠᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠥᠷᠭᠡᠨ ᠠᠭᠤᠳᠠᠮ ᠨᠤᠲᠤᠭ ᠳᠡᠪᠢᠰᠬᠡᠷ ᠲᠠᠢ ᠣᠶ ᠰᠢᠭᠤᠶ ᠨᠤᠲᠤᠭ ᠪᠡᠯᠴᠢᠭᠡᠷ ᠤᠨ     ᠭᠠᠯ ᠤᠨ ᠭᠠᠮᠰᠢᠭ᠂ ᠲᠠᠷᠢᠶᠠᠯᠠᠩ ᠮᠠᠯ ᠠᠵᠤ ᠠᠬᠤᠶ ᠶᠢᠨ ᠭᠠᠩ ᠭᠠᠮᠰᠢᠭ᠂ ᠴᠠᠰᠤᠨ ᠤ ᠭᠠᠮᠰᠢᠭ᠂ ᠡᠯᠡᠰᠦᠨ ᠰᠢᠭᠤᠷᠭ᠎ᠠ ᠵᠢᠴᠢ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ ᠶᠢᠨ ᠠᠭᠤᠯᠠ᠂ ᠬᠢᠮᠢ ᠶᠢᠨ ᠠᠵᠤ  ᠦᠢᠯᠡᠳᠪᠦᠷᠢ ᠶᠢᠨ ᠦᠢᠯᠡᠳᠪᠦᠷᠢᠯᠡᠯ ᠵᠡᠷᠭᠡ ᠲᠠᠯ᠎ᠠ ᠶᠢᠨ ᠠᠳᠡᠯ ᠤᠨ ᠳᠠᠯᠳᠠ ᠬᠡᠮ ᠣᠯᠠᠨ ᠪᠠᠶᠢᠳᠠᠭ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠤ  ᠵᠦᠢᠯ ᠡᠮ ᠤᠨ ᠵᠦᠢᠯ᠂ ᠮᠥᠩᠭᠦᠨ  ᠭᠦᠢᠯᠭᠡᠭᠡ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠲᠥᠷᠥᠯ ᠤᠨ ᠨᠡᠶᠢᠭᠡᠮ ᠤᠨ ᠠᠮᠤᠷ ᠲᠦᠪᠰᠢᠨ ᠤ ᠲᠦᠭᠰᠢᠭᠦᠷᠢ ᠰᠣᠯᠪᠢᠴᠠᠨ ᠳᠠᠪᠬᠤᠴᠠᠵᠤ᠂ ᠨᠡᠶᠢᠭᠡᠮ ᠤᠨ ᠠᠮᠤᠷ ᠲᠦᠪᠰᠢᠨ ᠢ ᠨᠥᠯᠥᠭᠡᠯᠡᠬᠦ ᠬᠦᠴᠦᠨ  ᠵᠦᠢᠯ ᠡᠳᠦᠷ ᠢᠷᠡᠬᠦᠶ᠎ᠡ ᠨᠡᠮᠡᠭᠳᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡ  ᠵᠦᠢᠯ ᠤᠨ ᠲᠤᠯᠭᠠᠮ᠎ᠠ ᠡᠭᠦᠷᠭᠡ ᠪᠣᠯᠬᠤ ᠮᠥᠷᠲᠡᠭᠡᠨ ᠪᠠᠰᠠ ᠨᠢᠭᠡ ᠵᠦᠢᠯ ᠤᠨ ᠣᠷᠳᠣ ᠬᠤᠭᠤᠴᠠᠭᠠᠨ ᠤ ᠡᠭᠦᠷᠭᠡ ᠪᠣᠯᠤᠨ᠎ᠠ᠃    2016 ᠣᠨ ᠳᠤ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ᠢ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠰᠢ᠂ ᠪᠥᠬᠦ ᠠᠶᠢᠮᠠᠭ ᠤᠨ ᠬᠢᠨ ᠲᠣᠰ ᠲᠥᠰᠦᠯ ᠤᠨ ᠶᠣᠰᠣᠭᠠᠷ ᠠᠯᠢ ᠣᠯᠠᠨ ᠬᠦᠨᠳᠦ ᠣᠨᠴᠠ ᠶᠡᠭᠡ ᠭᠡᠨᠡᠳᠲᠡ ᠶᠢᠨ ᠬᠡᠷᠡᠭ ᠢ ᠪᠦᠲᠦᠮᠵᠢᠲᠡᠶ ᠠᠷᠭᠠᠴᠠᠨ  ᠰᠢᠢᠳᠪᠦᠷᠢᠯᠡᠵᠦ᠂ ᠠᠷᠠᠳ ᠲᠦᠮᠡᠨ ᠤ ᠡᠷᠡᠭᠦᠯ ᠮᠡᠨᠳᠦ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠥᠯᠭᠢᠨ ᠠᠬᠢᠭᠤᠯᠬᠤ ᠪᠠ ︽ᠬᠤᠶᠠᠷ ᠠᠮᠤᠷ ᠲᠦᠪᠰᠢᠨ︾ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠦᠢᠯᠡᠳᠦᠯ ᠪᠠᠳᠠᠷᠠᠭᠤᠯᠬᠤ ᠶᠢᠨ ᠬᠠᠮᠲᠤ ᠪᠠᠰᠠ ᠡᠳᠦᠶ ᠲᠡᠳᠦᠶ ᠲᠤᠷᠰᠢᠯᠭ᠎ᠠ ᠰᠤᠷᠭᠠᠮᠵᠢ ᠬᠤᠷᠠᠮᠳᠤᠭᠤᠯᠵᠠᠶ᠃ ᠭᠡᠪᠡᠴᠦ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠦᠢᠯᠡᠳᠦᠯᠭᠡ ᠶᠢᠨ ᠲᠠᠰᠤᠷᠠᠯᠲᠠ ᠦᠭᠡᠶ ᠪᠠᠶᠠᠯᠢᠭᠵᠢᠨ ᠬᠥᠭᠵᠢᠬᠦ ᠶᠢ ᠳᠠᠭᠠᠯᠳᠤᠨ᠂ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠳᠤ ᠵᠠᠷᠢᠮ ᠰᠢᠨ᠎ᠡ ᠱᠠᠭᠠᠷᠳᠠᠯᠭ᠎ᠠ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ ᠭᠠᠷᠴᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠪᠦᠬᠦ ᠲᠠᠯ᠎ᠠ ᠶᠢᠨ ᠴᠢᠨᠠᠷᠲᠠᠢ ᠭᠠᠢ ᠭᠠᠮᠰᠢᠭ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠬᠦ ᠶᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠴᠢᠬᠤᠯᠠ ᠲᠠᠯ᠎ᠠ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠠᠪᠤᠳᠠᠯ ᠢ ᠨᠡᠶᠢᠭᠡᠮ ᠤᠨ ᠵᠠᠰᠠᠯᠲᠠ ᠪᠠ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠲᠠᠯ᠎ᠠ ᠪᠠᠷ ᠰᠢᠨ᠎ᠡ ᠶᠢ ᠡᠭᠦᠳᠬᠦ ᠴᠢᠬᠤᠯᠠ ᠠᠭᠤᠯᠭ᠎ᠠ ᠪᠣᠯᠭᠠᠨ ᠪᠠᠶᠢᠷᠢᠯᠠᠭᠤᠯᠤᠭᠰᠠᠨ ᠪᠥᠭᠡᠳ ᠬᠠᠤᠯᠢ ᠴᠠᠭᠠᠵᠠ᠂ ᠲᠦᠷᠢᠮ᠂ ᠲᠦᠷᠤ ᠶᠢᠨ ᠪᠤᠳᠤᠯᠭ᠎ᠠ᠂ ᠠᠵᠢᠯᠯᠠᠭ᠎ᠠ ᠶᠢᠨ ᠲᠠᠯ᠎ᠠ ᠪᠠᠷ ᠪᠣᠳᠠᠲᠠᠶ ᠲᠤᠬᠢᠷᠠᠭᠤᠯᠤᠯᠳᠡ ᠬᠢᠭᠰᠡᠨ ᠪᠠᠶᠢᠨ᠎ᠠ᠃ ᠡᠭᠦᠨ ᠤ ᠬᠠᠮᠲᠤ᠂ ᠦᠢᠯᠡᠳᠦᠯᠭᠡ ᠶᠢᠨ ᠳᠤᠮᠳᠠ᠂ ᠤᠤᠯ ᠤᠨ ︽ᠶᠡᠷᠦᠩᠬᠡᠶ ᠲᠥᠰᠦᠯ︾ ᠳᠤ ᠪᠠᠰᠠ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠢᠰᠢ ᠪᠠᠶᠢᠬᠤ ᠶᠢ ᠢᠯᠡᠷᠡᠭᠦᠯᠵᠦ᠂ ᠵᠣᠬᠢᠶᠠᠨ ᠪᠠᠶᠢᠭᠤᠯᠵᠤ ᠵᠢᠯᠣᠭᠤᠳᠬᠤ  ᠰᠢᠰᠲ᠋ᠧᠮᠵᠢ ᠪᠣᠯᠤᠨ ᠶᠡᠷᠦᠩᠬᠡᠶᠢᠯᠡᠨ ᠵᠣᠬᠢᠴᠠᠭᠤᠯᠬᠤ ᠪᠠᠶᠢᠭᠤᠯᠤᠯ ᠲᠡᠭᠦᠯᠳᠡᠷ ᠪᠤᠰᠤ᠂ ᠬᠡᠷᠡᠭ ᠤᠨ ᠲᠡᠰ ᠬᠤᠪᠢᠶᠠᠬᠤ ᠪᠠ ᠲᠠᠭᠠᠵᠦ ᠬᠢᠬᠦ ᠲᠡᠰ ᠬᠤᠪᠢᠶᠠᠬᠤ ᠨᠢ ᠲᠣᠳᠣᠷᠬᠠᠶ ᠥᠭᠡᠢ᠂ ᠰᠠᠯᠠᠭ᠎ᠠ ᠮᠥᠴᠢᠷ  ᠤᠨ ᠬᠠᠷᠢᠭᠤᠴᠠᠯᠭ᠎ᠠ ᠶᠢᠨ ᠬᠤᠪᠢᠶᠠᠷᠢᠯᠠᠯ ᠨᠢ ᠲᠣᠳᠣᠷᠬᠠᠶ ᠥᠭᠡᠢ᠂ ︽ᠰᠡᠷᠭᠡᠶᠢᠯᠡᠬᠦ︾ ᠪᠠ ︽ᠠᠪᠤᠷᠠᠬᠤ︾ ᠶᠢ ᠵᠠᠪᠰᠠᠷ ᠥᠭᠡᠢ ᠵᠣᠯᠭᠠᠭᠤᠯᠬᠤ ᠬᠠᠷᠢᠭᠤᠴᠠᠯᠭ᠎ᠠ ᠶᠢᠨ ᠬᠡᠯᠬᠢᠶ᠎ᠡ ᠨᠢ ᠬᠤᠭᠤᠰᠣᠨ ᠬᠤᠷᠢᠭ᠎ᠠ ᠲᠠᠢ ᠪᠠᠶᠢᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠬᠦᠷᠦᠯᠴᠡᠬᠦ ᠥᠭᠡᠢ ᠪᠠᠶᠢᠬᠤ ᠵᠡᠷᠭᠡ ᠠᠰᠠᠭᠤᠳᠠᠯ ᠨᠢ ︽ᠶᠡᠷᠦᠩᠬᠡᠶ ᠪᠡᠯᠡᠳᠬᠡᠯ ᠲᠥᠰᠦᠯ︾ ᠤᠨ ᠭᠡᠨᠡᠳᠲᠡ ᠶᠢᠨ ᠬᠡᠷᠡᠭ ᠢ ᠡᠮᠬᠢ ᠵᠢᠷᠤᠮ ᠲᠠᠢ ᠰᠡᠷᠭᠡᠶᠢᠯᠡᠬᠦ ᠪᠠ ᠥᠨᠳᠥᠷ ᠪᠦᠲᠦᠮᠵᠢᠲᠡᠶ ᠪᠠᠷ  ᠰᠢᠢᠳᠪᠦᠷᠢᠯᠡᠬᠦ ᠶᠢᠨ ᠲᠤᠯᠭᠠᠭᠤᠷᠢᠯᠠᠬᠤ ᠦᠢᠯᠡᠳᠦᠯ  ᠢ ᠬᠢᠵᠠᠭᠠᠷᠯᠠᠵᠤ ᠪᠠᠶᠢᠨ᠎ᠠ᠃    ᠳᠡᠭᠡᠷ᠎ᠡ ᠳᠤᠷᠠᠳᠤᠭᠰᠠᠨ ᠪᠠᠶᠢᠳᠠᠯ ᠠᠴᠠ ᠦᠵᠡᠪᠡᠯ᠂ 2021 ᠣᠨ ᠤ 10 ᠰᠠᠷ᠎ᠠ ᠳᠤ᠂ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠬᠥᠮᠦᠨ ᠢ ᠵᠣᠬᠢᠶᠠᠨ ᠪᠠᠶᠢᠭᠤᠯᠵᠤ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ᠳᠤ ᠵᠠᠰᠠᠪᠤᠷᠢ ᠣᠷᠣᠭᠤᠯᠵᠤ᠂ ᠮᠠᠨ ᠤ ᠠᠶᠢᠮᠠᠭ ᠤᠨ ᠪᠣᠳᠠᠲᠠᠶ ᠪᠠᠶᠢᠳᠠᠯ ᠳᠤ ᠰᠠᠭᠤᠷᠢᠯᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮᠵᠢ ᠶᠢ ᠰᠢᠯᠢᠳᠡᠭᠵᠢᠭᠦᠯᠬᠦ᠂ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮᠵᠢ ᠶᠢ ᠲᠡᠭᠦᠯᠳᠡᠷᠵᠢᠭᠦᠯᠬᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠳᠠᠭᠠᠬᠤ ᠲᠣᠭᠲᠠᠴᠠ ᠶᠢ ᠴᠢᠩᠭᠠᠷᠠᠭᠤᠯᠬᠤ᠂ ᠡᠯ᠎ᠡ ᠵᠠᠩᠭᠢᠯᠠᠭ᠎ᠠ ᠶᠢᠨ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠪᠠᠷ ᠭᠤᠤᠯᠳᠠᠯᠭ᠎ᠠ ᠪᠣᠯᠭᠠᠨ᠂ ᠮᠠᠨ ᠤ ᠠᠶᠢᠮᠠᠭ ᠤᠨ ︽ᠶᠡᠷᠦᠩᠬᠡᠶ ᠲᠥᠰᠦᠯ︾ ᠳᠤ ᠵᠠᠰᠠᠪᠤᠷᠢ ᠣᠷᠣᠭᠤᠯᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠪᠠ᠃    ᠪᠡᠯᠡᠳᠬᠡᠯ ᠲᠥᠰᠦᠯ ᠢ ᠨᠠᠶᠢᠷᠠᠭᠤᠯᠤᠨ ᠵᠠᠰᠠᠬᠤ ᠠᠵᠢᠯ ᠤᠨ ᠲᠣᠭᠲᠠᠭᠠᠯ ᠪᠠ ᠵᠢᠷᠤᠮ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠵᠥᠪᠯᠡᠯ᠂ ᠠᠯᠪᠠᠨ ᠬᠡᠷ᠂ ᠲᠣᠪᠴᠢᠶ᠎ᠠ ᠵᠢᠴᠢ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ  ᠨᠢᠭᠡᠴᠢ᠂ ᠳᠤᠮᠳᠠ ᠣᠷᠣᠨ ᠤ ᠰᠢᠭᠤᠳ ᠬᠠᠷᠢᠶ᠎ᠠ ᠬᠠᠮᠢᠶᠠᠷᠤᠯᠲᠠ ᠶᠢᠨ ᠨᠢᠭᠡᠴᠢ ᠶᠢᠨ ᠰᠠᠨᠠᠯ ᠢ ᠬᠤᠷᠢᠶᠠᠵᠤ᠂ ᠣᠯᠠᠨ ᠤᠳᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ︵ᠬᠦᠷᠭᠡᠨ ᠬᠢᠨᠠᠭᠤᠯᠬᠤ ᠨᠣᠤᠷᠠᠭ︶︾ ᠢ ᠪᠣᠶ ᠪᠣᠯᠭᠠᠵᠤ᠂ ᠠᠶᠢᠮᠠᠭ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠶᠠᠷᠢᠯᠴᠠᠭᠤᠯᠵᠤ ᠪᠠᠲᠤᠯᠠᠭᠤᠯᠤᠭᠰᠠᠨ ᠤ ᠳᠠᠷᠠᠭ᠎ᠠ ᠳᠠᠷᠤᠮᠠᠯᠯᠠᠨ ᠲᠠᠷᠬᠠᠭᠠᠪᠠ᠃    ᠬᠤᠶᠠᠷ᠂ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠶᠡᠷᠦᠩᠬᠡᠶ ᠰᠡᠳᠬᠢᠴᠡ ᠪᠠ ᠦᠨᠳᠦᠰᠦᠨ ᠪᠣᠷᠣ ᠲᠥᠯᠥᠪ    ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠰᠢᠷᠢᠰ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ  ᠬᠤᠷᠢᠶ᠎ᠠ᠂ ᠵᠠᠬᠢᠷᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽ᠶᠡᠷᠦᠩᠬᠡᠢ ᠲᠥᠰᠦᠯ︾ ᠳᠤ ᠵᠠᠰᠠᠪᠤᠷᠢ ᠣᠷᠣᠭᠤᠯᠬᠤ ᠶᠡᠷᠦᠩᠬᠡᠢ ᠰᠡᠳᠬᠢᠴᠡ ᠶᠢᠨ ᠲᠠᠯ᠎ᠠ ᠪᠠᠷ᠂ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠡᠵᠡᠮᠰᠢᠵᠡᠢ᠄    ᠨᠢᠭᠡ ᠳᠤ  ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠶᠢ ᠪᠠᠷᠢᠮᠲᠠᠯᠠᠨ᠎ᠠ᠃ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ ᠡᠯ᠎ᠡ ᠱᠠᠲᠤᠨ ᠤ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠲᠣᠳᠣᠷᠬᠠᠶ ᠲᠣᠭᠲᠠᠭᠠᠵᠤ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ︽ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠠᠶᠤᠯ ᠠᠴᠠ ᠠᠪᠤᠷᠠᠨ ᠲᠤᠰᠠᠯᠠᠬᠤ ᠠᠵᠢᠯ ᠤᠨ ᠳᠤᠮᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ  ᠦᠢᠯᠡᠳᠦᠯ ᠢ  ᠭᠦᠢᠴᠡᠳ ᠪᠠᠳᠠᠷᠠᠭᠤᠯᠬᠤ ᠬᠡᠷᠡᠭᠲᠡᠶ᠃    ᠬᠤᠶᠠᠷ ᠲᠤ  ᠂ ︽ᠠᠷᠠᠳ ᠲᠦᠮᠡᠨ ᠢᠶᠠᠷ ᠭᠤᠣᠯ ᠪᠣᠯᠭᠠᠵᠤ᠂ ᠠᠮᠢ ᠨᠠᠰᠤ ᠶᠢ ᠳᠡᠭᠡᠳᠦᠯᠡᠬᠦ︾ ᠦᠵᠡᠯ ᠰᠠᠨᠠᠭ᠎ᠠ ᠶᠢ ᠪᠠᠷᠢᠮᠲᠠᠯᠠᠨ᠂ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠡᠯ᠎ᠡ ᠱᠠᠲᠤᠨ ᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠠᠪᠤᠷᠠᠨ ᠲᠤᠰᠠᠯᠠᠵᠤ  ᠰᠢᠢᠳᠪᠦᠷᠢᠯᠡᠬᠦ᠂ ᠰᠡᠷᠭᠦᠭᠡᠨ ᠲᠠᠬᠢᠨ ᠪᠠᠶᠢᠭᠤᠯᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠶᠢ ᠦᠨᠡᠨ ᠬᠦ ᠪᠠᠲᠤᠯᠠᠨ᠎ᠠ ᠃ ᠨᠠᠰᠤᠲᠠᠨ᠂ ᠨᠢᠯᠬ᠎ᠠ᠂ ᠡᠪᠡᠳᠴᠢᠨ ᠲᠠᠢ᠂ ᠵᠡᠮᠳᠡᠭ᠂ ᠵᠢᠷᠮᠦᠰᠦᠨ ᠵᠡᠷᠭᠡ ᠣᠨᠴᠣᠭᠤᠶ ᠬᠥᠮᠦᠰ ᠪᠠ ᠰᠤᠷᠭᠠᠭᠤᠯᠢ ᠵᠡᠷᠭᠡ ᠣᠨᠴᠣᠭᠤᠶ ᠲᠠᠯᠠᠪᠤᠷ ᠲᠤ ᠴᠢᠭᠯᠡᠭᠦᠯᠦᠨ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠪᠠ ᠠᠷᠭᠠᠴᠠᠬᠤ ᠠᠷᠭ᠎ᠠ ᠬᠡᠮᠵᠢᠶ᠎ᠡ ᠠᠪᠬᠤ ᠲᠠᠯ᠎ᠠ ᠪᠠᠷ ᠤᠷᠢᠳᠠᠪᠠᠷ ᠳᠣᠭᠢᠷᠠᠭᠤᠯᠬᠤ ᠶᠢ ᠲᠣᠳᠣᠷᠬᠠᠶᠢᠯᠠᠵᠤ᠂ ᠪᠣᠳᠠᠲᠠᠶ ᠬᠦᠴᠢᠷᠳᠡᠯ ᠢ ᠤᠷᠢᠳᠠᠪᠠᠷ  ᠰᠢᠢᠳᠪᠦᠷᠢᠯᠡᠨ᠎ᠡ᠃    ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠣᠶᠢᠷ᠎ᠠ ᠶᠢᠨ ᠵᠢᠯ ᠳᠤ ᠡᠭᠦᠰᠦᠭᠰᠡᠨ ᠬᠦᠨᠳᠦ ᠣᠨᠴᠠ ᠶᠡᠭᠡ ᠪᠠᠶᠢᠭᠠᠯᠢ ᠶᠢᠨ ᠭᠠᠮᠰᠢᠭ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠬᠡᠷᠡᠭ ᠲᠤ ᠴᠢᠭᠯᠡᠭᠦᠯᠦᠨ᠂ ᠢᠯᠠᠩᠭᠤᠶ᠎ᠠ ᠠᠭᠤᠰᠬᠢᠨ ᠦᠷᠪᠢᠰᠦᠯ ᠤᠨ ᠰᠢᠨ᠎ᠡ ᠬᠢᠵᠢᠭ ᠡᠭᠦᠰᠦᠭᠰᠡᠨ ᠠᠴᠠ ᠨᠠᠰᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂  ᠦᠢᠯᠡᠳᠦᠯᠭᠡ ᠶᠢᠨ ᠲᠤᠷᠰᠢᠯᠭ᠎ᠠ ᠪᠠᠨ ᠳ᠋ᠦᠩᠨᠡᠵᠦ᠂ ᠭᠡᠨᠡᠳᠲᠡ ᠶᠢᠨ ᠬᠡᠷᠡᠭ ᠭᠠᠷᠪᠠᠯ ᠶᠠᠭᠠᠬᠢᠬᠤ᠂ ᠤᠷᠢᠳᠴᠢᠯᠠᠨ ᠰᠡᠷᠡᠮᠵᠢᠯᠡᠭᠦᠯᠵᠦ ᠳᠠᠭᠠᠬᠤ ᠶᠢ ᠬᠡᠷᠬᠢᠨ ᠬᠢᠬᠦ᠂ ᠳᠣᠭᠢᠷᠠᠭᠤᠯᠤᠨ ᠵᠢᠯᠣᠭᠤᠳᠬᠤ ᠶᠢ ᠬᠡᠷᠬᠢᠨ ᠲᠣᠬᠢᠷᠠᠭᠤᠯᠬᠤ᠂ ᠬᠦᠴᠦᠨ ᠤ ᠣᠷᠣᠭᠤᠯᠤᠯᠲᠠ ᠶᠢ ᠬᠡᠷᠬᠢᠨ ᠣᠷᠣᠭᠤᠯᠬᠤ᠂ ᠪᠠᠴᠢᠮ ᠪᠠᠶᠢᠳᠠᠯ ᠢ ᠬᠡᠷᠬᠢᠨ  ᠰᠢᠢᠳᠪᠦᠷᠢᠯᠡᠬᠦ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠬᠡᠷᠬᠢᠨ ᠪᠠᠲᠤᠯᠠᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ  ᠰᠢᠢᠳᠪᠦᠷᠢᠯᠡᠪᠡ᠃ ᠤᠤᠯ ᠤᠨ ︽ᠶᠡᠷᠦᠩᠬᠡᠶ ᠪᠡᠯᠡᠳᠬᠡᠯ ᠲᠥᠰᠦᠯ︾ ᠳᠤ ᠢᠯᠡᠷᠡᠭᠰᠡᠨ ᠪᠠᠭᠤᠷᠠᠶ ᠵᠠᠩᠭᠢᠯᠠᠭ᠎ᠠ ᠶᠢ ᠨᠥᠬᠦᠪᠥᠷᠢᠯᠡᠨ ᠴᠢᠩᠭᠠᠳᠬᠠᠪᠠ᠃    ᠳᠥᠷᠪᠡ ᠳᠤ᠂  ᠱᠠᠲᠤ ᠬᠤᠪᠢᠶᠠᠨ ᠬᠠᠷᠢᠭᠤᠴᠠᠵᠤ᠂ ᠬᠠᠷᠢᠶ᠎ᠠ ᠣᠷᠣᠨ ᠤ ᠬᠠᠮᠢᠶᠠᠷᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠢᠮᠠᠭ᠂ ᠬᠤᠰᠢᠭᠤ ᠰᠢᠶᠠᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠤᠳᠤᠷᠢᠳᠬᠤ ᠪᠠᠶᠢᠭᠤᠯᠤᠮᠵᠢ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠶᠢᠭᠤᠯᠤᠮᠵᠢ ᠶᠢ ᠲᠣᠳᠣᠷᠬᠠᠶ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠠ ᠭᠡᠨᠡᠳᠲᠡ ᠶᠢᠨ ᠬᠡᠷᠡᠭ ᠢ ᠠᠷᠭᠠᠴᠠᠬᠤ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠶᠡᠷᠦᠩᠬᠡᠶᠢᠯᠡᠨ ᠵᠢᠯᠣᠭᠤᠳᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠵᠡᠷᠭᠡ ᠡᠭᠦᠷᠭᠡ ᠴᠢᠳᠠᠪᠤᠷᠢ ᠶᠢᠨ  ᠦᠢᠯᠡᠳᠦᠯ ᠢ ᠴᠢᠩᠭᠠᠷᠠᠭᠤᠯᠤᠨ᠂ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠬᠠᠷᠢᠭᠤᠴᠠᠯᠭ᠎ᠠ ᠪᠠᠨ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠬᠢᠬᠦ ᠶᠢ ᠦᠨᠡᠨᠬᠦ ᠪᠠᠲᠤᠯᠠᠬᠤ ᠬᠡᠷᠡᠭᠲᠡᠶ᠃    ᠲᠠᠪᠤ ᠳᠤ  ᠂ ᠬᠠᠤᠯᠢ ᠶᠣᠰᠣᠭᠠᠷ ᠦᠨᠳᠦᠰᠦᠨ ᠱᠠᠲᠤᠨ ᠤ ᠰᠠᠭᠤᠷᠢ ᠪᠣᠯᠬᠤ ᠦᠢᠯᠡᠳᠦᠯ ᠢ ᠲᠤᠪᠤᠶᠢᠯᠭᠠᠬᠤ ᠶᠢ ᠪᠠᠷᠢᠮᠲᠠᠯᠠᠪᠠ᠃ ︽ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠤᠯᠤᠰ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠶᠡᠷᠦᠩᠬᠡᠶ ᠪᠡᠯᠡᠳᠬᠡᠯ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ︵ᠲᠤᠷᠰᠢᠨ ᠬᠡᠷᠡᠭᠵᠢᠭᠦᠯᠬᠦ︶︾ ︽ᠬᠢᠩᠭᠠᠨ ᠠᠶᠢᠮᠠᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢᠶᠠᠷ ᠦᠨᠳᠦᠰᠦᠯᠡᠯ ᠪᠣᠯᠭᠠᠬᠤ ᠶᠢ ᠪᠠᠷᠢᠮᠲᠠᠯᠠᠵᠤ᠂ ᠪᠡᠯᠡᠳᠬᠡᠯ ᠲᠥᠰᠦᠯ ᠤᠨ ᠠᠭᠤᠯᠭ᠎ᠠ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨᠬᠦ ᠪᠠᠲᠤᠯᠠᠨ᠎ᠠ᠃    ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ︵ᠲᠤᠷᠰᠢᠨ ᠬᠡᠷᠡᠭᠵᠢᠭᠦᠯᠬᠦ︶︾ ᠤᠨ ᠦᠨᠳᠦᠰᠦᠨ ᠪᠣᠷᠣ ᠲᠥᠯᠥᠪ ᠢ ᠲᠠᠪᠤᠨ ᠬᠡᠰᠡᠭ ᠲᠤ ᠬᠤᠪᠢᠶᠠᠵᠤ᠂ 6 ᠪᠦᠯᠦᠭ ᠬᠡᠰᠡᠭ ᠢᠶᠠᠷ ᠪᠦᠷᠢᠯᠳᠦᠪᠡ᠃    ᠨᠢᠭᠡᠳᠦᠭᠡᠷ ᠬᠡᠰᠡᠭ᠄ ᠲᠤᠬᠠᠶᠢᠯᠠᠪᠠᠯ ᠨᠢᠭᠡᠳᠦᠭᠡᠷ ᠪᠦᠯᠦᠭ ︽ᠶᠡᠷᠦᠩᠬᠡᠶ ᠲᠦᠷᠢᠮ︾ ᠳᠤ᠂ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠵᠢᠯᠣᠭᠤᠳᠬᠤ ᠦᠵᠡᠯ ᠰᠠᠨᠠᠭ᠎ᠠ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠭᠡᠨᠡᠳᠲᠡ ᠶᠢᠨ ᠬᠡᠷᠡᠭ ᠢ ᠲᠥᠷᠥᠯ ᠬᠤᠪᠢᠶᠠᠨ ᠲᠠᠰ ᠬᠤᠪᠢᠶᠠᠬᠤ᠂ ᠠᠷᠭᠠᠴᠠᠨ ᠳᠠᠭᠠᠬᠤ ᠵᠢᠴᠢ ᠪᠡᠯᠡᠳᠬᠡᠯ ᠲᠥᠰᠦᠯ ᠤᠨ ᠰᠢᠰᠲ᠋ᠧᠮᠵᠢ᠂ ᠲᠤᠯᠭᠠᠭᠤᠷᠢᠯᠠᠬᠤ ᠴᠢᠨᠠᠷᠲᠠᠶ ᠪᠢᠴᠢᠭ ᠮᠠᠲ᠋ᠧᠷᠢᠶᠠᠯ ᠵᠡᠷᠭᠡ ᠪᠣᠳᠠᠲᠠᠶ ᠠᠭᠤᠯᠭ᠎ᠠ ᠶᠢ ᠲᠣᠳᠣᠷᠬᠠᠶ ᠲᠣᠭᠲᠠᠭᠠᠪᠠ᠃    ᠬᠤᠶᠠᠳᠤᠭᠠᠷ ᠬᠡᠰᠡᠭ᠄ ᠲᠤᠬᠠᠶᠢᠯᠠᠪᠠᠯ 2 ᠳ᠋ᠤᠭᠠᠷ ᠪᠦᠯᠦᠭ ︽ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮᠵᠢ ︾ ᠨᠢ ᠠᠶᠢᠮᠠᠭ ᠤᠨ ᠱᠠᠲᠤᠨ ᠤ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ᠂ ᠬᠤᠰᠢᠭᠤ ᠰᠢᠶᠠᠨ ᠬᠤᠲᠠ ᠶᠢᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠡᠷᠭᠡ ᠶᠢ ᠵᠢᠷᠤᠮᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠣᠷᠣᠨ ᠨᠤᠲᠤᠭ ᠤᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠡᠮᠬᠢ ᠵᠢᠷᠤᠮ ᠲᠠᠢ ᠬᠦᠴᠦᠲᠡᠶ ᠪᠦᠲᠦᠮᠵᠢᠲᠡᠶ ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃    ᠭᠤᠷᠪᠠᠳᠤᠭᠠᠷ ᠪᠦᠯᠦᠭ᠄ ᠲᠤᠬᠠᠶᠢᠯᠠᠪᠠᠯ 3 ᠳ᠋ᠤᠭᠠᠷ ᠪᠦᠯᠦᠭ ︽ᠠᠵᠢᠯᠯᠠᠭᠠᠨ ᠤ ᠲᠣᠭᠲᠠᠴᠠ︾ ᠨᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠪᠠ ᠠᠪᠤᠷᠠᠨ ᠲᠤᠰᠠᠯᠠᠬᠤ ᠵᠡᠷᠭᠡ ᠠᠭᠤᠯᠭ᠎ᠠ ᠪᠠᠷ ᠪᠦᠷᠢᠯᠳᠦᠵᠡᠶ᠃ ᠭᠡᠨᠡᠳᠲᠡ ᠶᠢᠨ ᠬᠡᠷᠡᠭ ᠤᠨ ᠠᠵᠢᠯᠯᠠᠭᠠᠨ ᠤ ᠲᠣᠭᠲᠠᠴᠠ᠂ ᠠᠵᠢᠯ ᠤᠨ ᠳᠡᠰ ᠳᠠᠷᠠᠭ᠎ᠠ ᠶᠢ ᠲᠣᠳᠣᠷᠬᠠᠶᠢᠯᠠᠵᠤ᠂ ᠮᠡᠳᠡᠭᠡ ᠵᠠᠩᠭᠢ ᠶᠢ ᠮᠡᠳᠡᠭᠦᠯᠬᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠬᠤ᠂ ᠠᠶᠤᠯ ᠠᠴᠠ ᠠᠪᠤᠷᠠᠨ ᠲᠤᠰᠠᠯᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠤᠶᠢᠲᠤᠬᠢ ᠶᠠᠪᠤᠳᠠᠯ ᠢ  ᠰᠢᠢᠳᠪᠦᠷᠢᠯᠡᠬᠦ ᠠᠵᠢᠯ᠂ ᠨᠡᠶᠢᠭᠡᠮ ᠤᠨ ᠠᠪᠤᠷᠠᠨ ᠲᠤᠰᠠᠯᠠᠬᠤ᠂ ᠪᠠᠶᠢᠴᠠᠭᠠᠨ ᠦᠨᠡᠯᠡᠬᠦ᠂ ᠰᠡᠷᠭᠦᠭᠡᠨ ᠳᠠᠬᠢᠨ ᠪᠥᠲᠥᠭᠡᠨ ᠪᠠᠶᠢᠭᠤᠯᠬᠤ ᠵᠡᠷᠭᠡ ᠲᠠᠯ᠎ᠠ ᠶᠢᠨ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠪᠠ ᠥᠨᠳᠥᠷ ᠪᠦᠲᠦᠮᠵᠢᠲᠡᠶ ᠪᠠᠷ  ᠰᠢᠢᠳᠪᠦᠷᠢᠯᠡᠬᠦ ᠶᠢ ᠴᠠᠭ ᠲᠤᠬᠠᠶ ᠳᠤᠨᠢ ᠡᠬᠢᠯᠡᠭᠦᠯᠬᠦ ᠳᠤ ᠬᠦᠴᠦᠲᠡᠶ ᠭᠠᠷᠳᠠᠴᠠ ᠬᠠᠩᠭᠠᠵᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠪᠠ ᠰᠡᠷᠭᠦᠭᠡᠨ ᠳᠠᠬᠢᠨ ᠪᠥᠲᠥᠭᠡᠨ ᠪᠠᠶᠢᠭᠤᠯᠬᠤ ᠠᠵᠢᠯ ᠤᠨ ᠬᠠᠷᠠᠯᠲᠠ ᠲᠣᠳᠣᠷᠬᠠᠶ᠂ ᠬᠠᠷᠠᠯᠲᠠ ᠲᠠᠢ ᠪᠠᠷ ᠰᠤᠮᠤ ᠬᠠᠷᠪᠤᠬᠤ ᠶᠢ ᠦᠨᠡᠨ ᠬᠦ ᠪᠠᠲᠤᠯᠠᠪᠠ᠃    ᠳᠥᠷᠪᠡᠳᠦᠭᠡᠷ ᠬᠡᠰᠡᠭ᠄ ᠳᠠᠷᠤᠶ 4 ᠳ᠋ᠦ᠋ᠭᠡᠷ ᠪᠦᠯᠦᠭ ︽ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠬᠢᠭᠡᠳ ᠳᠡᠮᠵᠢᠯᠭᠡ︾᠂ ᠬᠥᠮᠦᠨ ᠤ ᠬᠦᠴᠦᠨ ᠤ ᠡᠬᠢ ᠪᠠᠶᠠᠯᠢᠭ᠂ ᠡᠳ᠋ ᠤᠨ ᠬᠦᠴᠦᠨ ᠤ ᠳᠡᠮᠵᠢᠯᠭᠡ᠂ ᠡᠳ᠋ ᠪᠣᠳᠠᠰ ᠤᠨ ᠲᠣᠨᠣᠭᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠲᠠᠯ᠎ᠠ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠢᠴᠢ ᠡᠭᠦᠷᠭᠡ ᠶᠢ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠪᠠᠲᠤᠳᠬᠠᠨ᠎ᠠ᠃    ᠲᠠᠪᠤᠳᠤᠭᠠᠷ ᠬᠡᠰᠡᠭ᠄ ᠳᠠᠷᠤᠢ5 ᠳ᠋ᠤᠭᠠᠷ ᠪᠦᠯᠦᠭ ︽ᠪᠡᠯᠡᠳᠬᠡᠯ ᠲᠥᠰᠦᠯ ᠤᠨ ᠬᠠᠮᠢᠶᠠᠷᠤᠯᠲᠠ︾ ᠪᠠ 6 ᠳ᠋ᠤᠭᠠᠷ ᠪᠦᠯᠦᠭ ᠤᠨ ᠳᠠᠭᠠᠯᠳᠤᠭᠤᠯᠤᠭᠰᠠᠨ ᠲᠦᠷᠢᠮ ᠢᠶᠠᠷ ᠪᠦᠷᠢᠯᠳᠦᠵᠦ᠂ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ ᠪᠠ ᠵᠣᠯᠭᠠᠭᠤᠯᠬᠤ᠂ ᠰᠣᠷᠢᠯᠲᠠ ᠬᠢᠬᠦ᠂ ᠤᠬᠠᠭᠤᠯᠬᠤ ᠪᠠ ᠪᠣᠯᠪᠠᠰᠤᠷᠠᠭᠤᠯᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠲᠣᠭᠲᠠᠭᠠᠯ ᠭᠠᠷᠭᠠᠨ᠎ᠠ᠃    ᠭᠤᠷᠪᠠ᠂ ᠲᠣᠳᠣᠷᠬᠠᠶᠢᠯᠠᠬᠤ ᠴᠢᠬᠤᠯᠠᠲᠠᠢ ᠬᠡᠳᠦᠨ ᠭᠤᠣᠯᠳᠠᠯᠭ᠎ᠠ ᠲᠠᠢ ᠠᠰᠠᠭᠤᠳᠠᠯ    ︽ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ︾ ᠪᠣᠯ ᠪᠥᠬᠦ ᠠᠶᠢᠮᠠᠭ ᠤᠨ ᠡᠯ᠎ᠡ ᠲᠥᠷᠥᠯ ᠤᠨ ᠲᠥᠰᠦᠯ ᠤᠨ ᠶᠡᠷᠦᠩᠬᠡᠶ ᠬᠥᠲᠥᠯᠪᠦᠷᠢ ᠮᠥᠨ᠂ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠷᠢᠶᠠᠯᠠᠭᠳᠠᠨ᠎ᠠ᠂ ᠲᠥᠷᠥ ᠶᠢᠨ ᠪᠣᠳᠣᠯᠭ᠎ᠠ ᠶᠢᠨ ᠵᠢᠯᠣᠭᠤᠳᠬᠤ ᠴᠢᠨᠠᠷ᠂ ᠬᠠᠤᠯᠢ ᠶᠣᠰᠣᠨ ᠤ ᠴᠢᠨᠠᠷ ᠪᠠ ᠡᠷᠬᠡ ᠰᠦᠷᠲᠦ ᠴᠢᠨᠠᠷ ᠲᠠᠢ ᠪᠠᠶᠢᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠶᠡᠷᠦᠩᠬᠡᠶ ᠲᠥᠰᠦᠯ︾ ᠳᠤ ᠠᠶᠢᠮᠠᠭ ᠤᠨ ᠱᠠᠲᠤ᠂ ᠬᠤᠰᠢᠭᠤ ᠰᠢᠶᠠᠨ ᠬᠤᠲᠠ ᠶᠢᠨ ᠱᠠᠲᠤᠨ ᠤ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠡᠨᠡᠳᠲᠡ ᠶᠢᠨ ᠬᠡᠷᠡᠭ ᠢ ᠲᠥᠷᠥᠯ ᠬᠤᠪᠢᠶᠠᠨ ᠲᠠᠰ ᠬᠤᠪᠢᠶᠠᠬᠤ ᠪᠠ ᠳᠠᠭᠠᠬᠤ ᠲᠠᠰ ᠢ ᠳᠠᠬᠢᠨ ᠵᠢᠷᠤᠮᠵᠢᠭᠤᠯᠵᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠡᠳᠡᠭᠡ ᠵᠠᠩᠭᠢ ᠶᠢ ᠮᠡᠳᠡᠭᠦᠯᠬᠦ᠂ ᠵᠢᠯᠣᠭᠤᠳᠤᠨ ᠵᠣᠬᠢᠴᠠᠭᠤᠯᠬᠤ᠂ ᠲᠤᠬᠠᠶ ᠶᠢᠨ ᠲᠠᠯᠠᠪᠤᠷ ᠲᠤ ᠵᠢᠯᠣᠭᠤᠳᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠠᠭᠤᠯᠭ᠎ᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠶᠢᠨ ᠵᠣᠷᠢᠯᠭ᠎ᠠ ᠨᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠬᠦᠴᠦᠯᠡᠨ ᠳᠡᠭᠡᠭᠰᠢᠯᠡᠭᠦᠯᠬᠦ ᠶᠢᠨ ᠲᠥᠯᠥᠭᠡ ᠶᠤᠮ᠃    ︽ᠶᠡᠷᠦᠩᠬᠡᠶ ᠪᠡᠯᠡᠳᠬᠡᠯ ᠲᠥᠰᠦᠯ︾ ᠤᠨ ᠪᠠᠶᠢᠷᠢ ᠲᠣᠭᠲᠠᠭᠠᠯᠲᠠ ᠶᠢᠨ ᠲᠤᠬᠠᠶ᠃ ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠠᠵᠢᠯ ᠢ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠬᠦᠷᠢᠶ᠎ᠡ᠂ ᠪᠦᠬᠦ ᠶᠠᠪᠤᠴᠠ ᠳᠤ  ᠲᠤᠭᠤᠰᠢᠯᠠᠭᠤᠯᠵᠦ᠂ ︽ᠶᠡᠷᠦᠩᠬᠡᠶ ᠲᠥᠰᠦᠯ︾ ᠨᠢ ᠪᠦᠬᠦ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠢᠰᠲ᠋ᠧᠮ ᠤᠨ ᠶᠡᠷᠦᠩᠬᠡᠶ ᠬᠥᠲᠥᠯᠪᠦᠷᠢ ᠪᠣᠯᠤᠭᠰᠠᠨ ᠤ ᠬᠤᠪᠢ ᠳᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠳᠠᠬᠢᠨ ᠴᠣᠭᠴᠠᠯᠠᠭᠰᠠᠨ ᠠᠴᠢᠶᠠᠯᠠᠪᠤᠷᠢ ᠮᠥᠨ᠂ ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠪᠦᠬᠦ ᠲᠠᠯ᠎ᠠ ᠶᠢᠨ ᠴᠢᠨᠠᠷᠲᠠᠶ ᠳᠦᠷᠢᠮ ᠤᠨ ᠲᠣᠬᠢᠷᠠᠭᠤᠯᠤᠯᠲᠠ ᠮᠥᠨ᠂ ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠴᠢᠬᠤᠯᠠ ᠭᠠᠷᠳᠠᠴᠠ ᠮᠥᠨ ᠪᠣᠯᠬᠤᠷ᠂ ᠡᠷᠬᠡᠪᠰᠢ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠡᠯ᠎ᠡ  ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠤᠨ᠂ ᠪᠠᠶᠢᠷᠢ ᠲᠣᠭᠲᠠᠭᠠᠯᠲᠠ ᠨᠢ ᠰᠢᠨᠵᠢᠯᠡᠬᠦ ᠤᠬᠠᠭᠠᠨᠴᠢ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠬᠠᠮᠵᠢᠯᠴᠠᠨ ᠨᠢᠭᠡ ᠴᠤᠭᠴᠠᠵᠢᠭᠰᠠᠨ ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠰᠢᠰᠲ᠋ᠧᠮᠵᠢ ᠶᠢ ᠪᠦᠷᠢᠯᠳᠦᠭᠦᠯᠵᠦ᠂ ᠪᠥᠬᠦ ᠠᠶᠢᠮᠠᠭ ᠤᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠬᠡᠷᠡᠭᠲᠡᠶ᠃ ᠰᠡᠷᠭᠦᠭᠡᠨ ᠲᠠᠬᠢᠨ ᠪᠠᠶᠢᠭᠤᠯᠬᠤ ᠵᠡᠷᠭᠡ ᠠᠵᠢᠯ᠃    ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠤᠨ ᠲᠤᠬᠠᠶ᠃ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ᠤᠨ ᠬᠠᠮᠢᠶᠠᠷᠤᠯᠲᠠ ᠶᠢᠨ ᠠᠷᠭ᠎ᠠ︾ ︵ᠲᠥᠷᠥ ᠠᠯᠪᠠᠨ ᠲᠠᠷᠬᠠᠭᠠᠭᠰᠠᠨ ﹇2013﹈ 101 ᠳ᠋ᠦᠭᠡᠷ ᠲᠣᠭᠠᠲᠤ︶ ᠶᠢᠨ ᠲᠥᠷᠥᠯ ᠠᠩᠭᠢᠯᠠᠯ ᠤᠨ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠲᠤᠰᠬᠠᠶ ᠲᠥᠰᠦᠯ᠂ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠵᠢᠴᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ ᠭᠡᠵᠦ ᠬᠤᠪᠢᠶᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠢᠭᠡᠨ ᠲᠦᠷᠢᠮ ᠤᠨ ᠰᠢᠰᠲ᠋ᠧᠮᠵᠢ ᠪᠣᠯᠭᠠᠵᠤ᠂ ᠪᠡᠯᠡᠳᠬᠡᠯ ᠲᠥᠰᠦᠯ ᠢ ᠨᠠᠶᠢᠳᠠᠪᠤᠷᠢᠵᠢᠭᠤᠯᠬᠤ ᠠᠵᠢᠯ ᠤᠨ ᠭᠠᠷ ᠳᠡᠪᠲᠡᠷ ᠪᠠ ᠪᠣᠳᠠᠲᠠᠶ ᠡᠭᠦᠷᠭᠡ ᠶᠢ  ᠭᠦᠢᠴᠡᠳᠭᠡᠬᠦ ᠠᠵᠢᠯᠯᠠᠭᠠᠨ ᠤ ᠲᠥᠰᠦᠯ ᠢ ᠨᠠᠷᠢᠯᠢᠬᠵᠢᠭᠤᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠤᠯᠭᠠᠭᠤᠷᠢᠯᠠᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠭᠠᠬᠤ ᠶᠢᠨ ᠬᠠᠮᠲᠤ᠂ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠶᠡᠷᠦᠩᠬᠡᠶ ᠠᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃    ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ ᠤᠨ ᠲᠤᠬᠠᠶ᠃ ᠠᠶᠢᠮᠠᠭ ᠤᠨ ᠱᠠᠲᠤᠨ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ᠂ ᠠᠶᠢᠮᠠᠭ ᠤᠨ ᠵᠠᠬᠢᠷᠭ᠎ᠠ ᠠᠴᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠪᠥᠬᠦ ᠬᠤᠰᠢᠭᠤ ᠰᠢᠶᠠᠨ ᠬᠤᠲᠠ ᠶᠢᠨ ᠱᠠᠲᠤ ᠨᠢ ᠠᠶᠢᠮᠠᠭ ᠤᠨ ᠱᠠᠲᠤ ᠪᠠᠷ ᠯᠠᠪᠯᠠᠯᠲᠠ ᠪᠣᠯᠭᠠᠨ ᠬᠠᠮᠢᠶ᠎ᠠ ᠪᠥᠬᠦᠶ ᠪᠠᠶᠢᠭᠤᠯᠤᠮᠵᠢ ᠳᠣᠭᠢᠷᠠᠭᠤᠯᠵᠤ᠂ ᠬᠠᠮᠢᠶ᠎ᠠ ᠪᠥᠬᠦᠶ ᠲᠥᠷᠥᠯ ᠢᠯᠭᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠪᠠ ᠠᠷᠭᠠᠴᠠᠬᠤ ᠠᠵᠢᠯ ᠢ ᠪᠣᠳᠠᠲᠠᠶ ᠡᠭᠦᠷᠭᠡᠯᠡᠭᠰᠡᠨ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃    ᠲᠤᠬᠠᠶ ᠶᠢᠨ ᠭᠠᠵᠠᠷ ᠲᠤᠨᠢ ᠵᠢᠯᠣᠭᠤᠳᠬᠤ ᠲᠤᠬᠠᠶ᠃ ᠭᠡᠨᠡᠳᠲᠡ ᠶᠢᠨ ᠬᠡᠷᠡᠭ ᠡᠭᠦᠰᠦᠭᠰᠡᠨ ᠤ ᠳᠠᠷᠠᠭ᠎ᠠ᠂ ᠲᠤᠬᠠᠶ ᠶᠢᠨ ᠲᠠᠯᠠᠪᠠᠶ ᠶᠢᠨ ᠡᠮᠬᠢ ᠵᠢᠷᠤᠮ ᠪᠠ ᠰᠢᠨᠵᠢᠯᠡᠬᠦ ᠤᠬᠠᠭᠠᠨᠴᠢ ᠡᠮᠬᠢ ᠳᠢᠭᠯᠢᠮ ᠲᠠᠢ ᠵᠢᠯᠣᠭᠤᠳᠬᠤ ᠲᠠᠯ᠎ᠠ ᠳᠤ ᠴᠢᠭᠯᠡᠭᠦᠯᠦᠨ ᠲᠣᠳᠣᠷᠬᠠᠶ ᠱᠠᠭᠠᠷᠳᠠᠯᠭ᠎ᠠ ᠳᠤᠷᠠᠳᠴᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠬᠠᠶ ᠶᠢᠨ ᠲᠠᠯᠠᠪᠤᠷ ᠤᠨ ᠵᠢᠯᠣᠭᠤᠳᠬᠤ ᠪᠠᠶᠢᠭᠤᠯᠤᠮᠵᠢ ᠭᠠᠷᠭᠠᠬᠤ ᠪᠠᠷ ᠲᠣᠭᠲᠠᠭᠠᠭᠰᠠᠨ ᠪᠠᠶᠢᠪᠠᠯ᠂ ᠳᠣᠣᠷᠠᠳᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠬᠠᠶ ᠶᠢᠨ ᠲᠠᠯᠠᠪᠤᠷ ᠤᠨ ᠵᠢᠯᠣᠭᠤᠳᠬᠤ ᠪᠠᠶᠢᠭᠤᠯᠤᠮᠵᠢ ᠶᠢ ᠳᠡᠭᠡᠳᠦ ᠱᠠᠲᠤᠨ ᠤ ᠲᠤᠬᠠᠶ ᠶᠢᠨ ᠲᠠᠯᠠᠪᠤᠷ ᠤᠨ ᠵᠢᠯᠣᠭᠤᠳᠬᠤ ᠳᠡᠭᠡᠳᠦ ᠱᠠᠲᠤᠨ ᠤ ᠲᠤᠬᠠᠶ ᠶᠢᠨ ᠲᠠᠯᠠᠪᠤᠷ ᠤᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ ᠠᠷᠭᠠᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶ ᠶᠢᠨ ᠲᠠᠯᠠᠪᠤᠷ ᠤᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠨᠢ ᠲᠤᠬᠠᠶ ᠶᠢᠨ ᠲᠠᠯᠠᠪᠤᠷ ᠤᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠶ ᠵᠢᠯᠣᠭᠤᠳᠣᠯᠭ᠎ᠠ ᠵᠣᠬᠢᠴᠠᠭᠤᠯᠭ᠎ᠠ ᠳᠣᠤᠷ᠎ᠠ ᠠᠵᠢᠯ ᠢᠶᠠᠨ ᠥᠷᠨᠢᠭᠦᠯᠵᠦ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠪᠠᠶᠢᠭᠤᠯᠤᠮᠵᠢ ᠶᠢᠨ ᠵᠢᠯᠣᠭᠤᠳᠣᠯᠭ᠎ᠠ ᠲᠣᠬᠢᠷᠠᠭᠤᠯᠤᠯᠲᠠ ᠪᠠ ᠬᠠᠮᠢᠶᠠᠷᠤᠯᠲᠠ ᠶᠢ ᠳᠠᠭᠠᠵᠤ᠂ ᠲᠤᠬᠠᠶ ᠶᠢᠨ ᠲᠠᠯᠠᠪᠤᠷ ᠤᠨ ᠵᠠᠮ ᠬᠠᠷᠢᠯᠴᠠᠭ᠎ᠠ ᠶᠢᠨ ᠡᠮᠬᠢ ᠵᠢᠷᠤᠮ ᠲᠠᠢ ᠰᠠᠭᠠᠳ ᠥᠬᠡᠶ ᠨᠡᠪᠲᠡᠷᠡᠬᠦ᠂ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠨᠢ ᠬᠠᠤᠯᠢ ᠶᠣᠰᠣᠨ ᠤ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠠᠷᠤ ᠲᠠᠯ᠎ᠠ ᠶᠢᠨ ᠪᠠᠲᠤᠯᠠᠭ᠎ᠠ ᠶᠢ ᠴᠠᠭ ᠲᠤᠬᠠᠶ ᠳᠤᠨᠢ ᠪᠣᠳᠠᠲᠠᠶᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠠᠵᠢᠯᠯᠠᠬᠤ ᠳᠤᠭᠤᠶᠢᠯᠠᠩ ᠪᠤᠶᠤ ᠰᠠᠯᠠᠭ᠎ᠠ ᠮᠥᠴᠢᠷ ᠤᠨ ᠠᠵᠢᠯᠯᠠᠬᠤ ᠳᠤᠭᠤᠶᠢᠯᠠᠩ ᠲᠤᠬᠠᠶ ᠶᠢᠨ ᠲᠠᠯᠠᠪᠤᠷ ᠲᠤ ᠪᠠᠶᠢᠬᠤ ᠦᠶᠡᠰ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠪᠠᠶᠢᠭᠤᠯᠤᠮᠵᠢ ᠨᠢ ᠲᠡᠭᠦᠨ ᠯᠦᠭᠡ ᠵᠣᠯᠭᠠᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠦᠯᠢᠶᠡᠬᠦ ᠶᠢᠨ ᠬᠠᠮᠲᠤ ᠵᠣᠬᠢᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃    ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠤᠬᠠᠶ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠪᠣᠯ ᠰᠢ ᠶᠢᠨ ᠫᠢᠩ ᠶᠡᠷᠦᠩᠬᠡᠶ ᠱᠦᠵᠢ ᠶᠢᠨ ︽ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠯᠲᠠ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠭᠠᠮᠰᠢᠭ ᠠᠴᠠ ᠡᠮᠦᠨᠡᠬᠢ ᠰᠡᠷᠭᠡᠶᠢᠯᠡᠯᠲᠡ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠲᠠᠩ ᠭᠠᠭᠴᠠ ᠭᠠᠮᠰᠢᠭ ᠤᠨ ᠲᠦᠷᠦᠯ ᠢ ᠠᠷᠭᠠᠴᠠᠬᠤ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ ᠭᠠᠮᠰᠢᠭ ᠤᠨ ᠠᠶᠤᠯ ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠬᠤ︾ ᠪᠠ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠡᠷᠭᠡ ᠴᠢᠬᠤᠯᠠ ᠥᠭᠦᠯᠡᠯᠲᠡ ᠶᠢᠨ ᠪᠦᠲᠦᠮᠵᠢᠲᠡᠶ ᠠᠷᠭ᠎ᠠ ᠬᠡᠮᠵᠢᠶ᠎ᠡ ᠪᠣᠯ ᠪᠠᠰᠠ ᠴᠤ ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ︽ᠶᠡᠷᠦᠩᠬᠡᠶ ᠪᠡᠯᠡᠳᠬᠡᠯ ᠲᠥᠰᠦᠯ︾ ᠳᠤ ᠡᠯ᠎ᠡ ᠱᠠᠲᠤᠨ ᠤ ᠵᠠᠰᠠᠭ ᠤᠨ ᠣᠷᠳᠣᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠪᠠᠶᠢᠴᠠᠭᠠᠬᠤ ᠪᠠ ᠦᠨᠡᠯᠡᠨ ᠵᠢᠱᠢᠬᠦ ᠲᠦᠷᠢᠮ ᠢ ᠪᠠᠶᠢᠭᠤᠯᠵᠤ᠂ ᠬᠠᠤᠯᠢ ᠶᠣᠰᠣᠭᠠᠷ ᠡᠯ᠎ᠡ ᠲᠥᠷᠥᠯ ᠤᠨ ᠲᠦᠭᠰᠢᠭᠦᠷᠢ ᠶᠢᠨ ᠡᠬᠢ ᠰᠤᠷᠪᠤᠯᠵᠢ᠂ ᠠᠶᠤᠯᠲᠠᠶ ᠣᠷᠣᠨ ᠪᠦᠰᠡ ᠳᠤ ᠪᠠᠶᠢᠴᠠᠭᠠᠯᠲᠠ᠂ ᠢᠯᠭᠠᠨ ᠲᠠᠨᠢᠯᠲᠠ᠂ ᠦᠨᠡᠯᠡᠨ ᠵᠢᠱᠢᠯᠲᠡ᠂ ᠲᠠᠰ ᠬᠤᠪᠢᠶᠠᠬᠤ᠂ ᠳᠡᠩᠰᠡᠯᠡᠯᠲᠡ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ᠂ ᠬᠢᠨᠠᠨ ᠡᠵᠡᠮᠳᠡᠯ ᠬᠢᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠂ ᠤᠯᠤᠰ ᠤᠨ ᠲᠣᠭᠲᠠᠭᠠᠯ ᠶᠣᠰᠣᠭᠠᠷ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠵᠡᠷᠭᠡ ᠠᠭᠤᠯᠭ᠎ᠠ ᠶᠢ ᠲᠣᠳᠣᠷᠬᠠᠶ ᠲᠣᠭᠲᠠᠭᠠᠪᠠ᠃    ᠬᠡᠷᠡᠭ ᠶᠠᠪᠤᠳᠠᠯ ᠤᠨ ᠲᠡᠰ ᠬᠤᠪᠢᠶᠠᠬᠤ ᠪᠠ ᠴᠤᠤᠷᠢᠶᠠᠲᠤᠨ ᠲᠠᠭᠠᠬᠤ ᠶᠢᠨ ᠲᠡᠰ ᠬᠤᠪᠢᠶᠠᠬᠤ ᠲᠤᠬᠠᠶ᠃ ︽ᠶᠡᠷᠦᠩᠬᠡᠶ ᠪᠡᠯᠡᠳᠬᠡᠯ ᠲᠥᠰᠦᠯ︾ ᠳᠤ ᠬᠡᠷᠡᠭ ᠤᠨ ᠲᠠᠰ ᠬᠤᠪᠢᠶᠠᠬᠤ ᠪᠠ ᠳᠠᠭᠠᠵᠤ ᠬᠢᠬᠦ ᠶᠢ ᠲᠠᠰ ᠬᠤᠪᠢᠶᠠᠨ ᠰᠠᠯᠭᠠᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠲᠠᠰ ᠬᠤᠪᠢᠶᠠᠬᠤ ᠪᠠᠷᠢᠮᠵᠢᠶ᠎ᠠ ᠶᠢ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠲᠦᠷ ᠬᠡᠷᠡᠭᠵᠢᠭᠦᠯᠬᠦ ᠶᠢ ᠨᠢᠭᠡᠳᠬᠡᠪᠡ᠃ ᠪᠠᠶᠢᠭᠠᠯᠢ ᠶᠢᠨ ᠭᠠᠮᠰᠢᠭ ᠪᠣᠯᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠳᠤ ᠴᠢᠭᠯᠡᠭᠦᠯᠦᠨ᠂ ᠬᠢᠩᠭᠠᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠲᠤᠪᠴᠢᠶ᠎ᠠ ᠵᠠᠬᠢᠷᠭ᠎ᠠ ᠪᠠᠨ ᠲᠥᠯᠥᠭᠡᠯᠡᠨ ᠨᠢᠭᠡᠳᠦᠯᠲᠡᠢ ᠴᠤᠤᠷᠢᠶᠠᠲᠤᠨ ᠲᠤᠰᠠᠯᠠᠪᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠪᠤᠰᠤᠳ ᠲᠥᠷᠥᠯ ᠤᠨ ᠭᠡᠨᠡᠳᠲᠡ ᠶᠢᠨ ᠬᠡᠷᠡᠭ ᠢ ᠲᠦᠷᠦᠭᠦᠯᠡᠨ ᠳᠠᠭᠠᠵᠤ ᠲᠤᠰᠠᠯᠠᠬᠤ ᠰᠠᠯᠠᠭ᠎ᠠ ᠮᠥᠴᠢᠷ ᠠᠴᠠ ᠵᠠᠬᠢᠷᠭ᠎ᠠ ᠶᠢᠨ ᠲᠤᠰᠬᠠᠶ ᠵᠦᠢᠯ ᠤᠨ ᠪᠡᠯᠡᠳᠬᠡᠯ ᠲᠥᠰᠦᠯ ᠳᠤ ᠲᠣᠳᠣᠷᠬᠠᠶ ᠲᠣᠭᠲᠠᠭᠠᠪᠠ᠃ ᠡᠭᠦᠨ ᠤ ᠬᠠᠮᠲᠤ᠂ ᠭᠡᠨᠡᠳᠲᠡ ᠶᠢᠨ ᠬᠡᠷᠡᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠳᠤ ᠴᠢᠭᠯᠡᠭᠦᠯᠦᠨ᠂ ᠳᠠᠭᠠᠬᠤ ᠲᠠᠰ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ ᠪᠣᠯᠤᠨ᠎ᠠ᠃     ᠠᠶᠢᠮᠠᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠲᠤᠬᠠᠶ᠃ ᠠᠶᠢᠮᠠᠭ ᠤᠨ ᠱᠠᠲᠤᠨ ᠤ ᠲᠠᠰ ᠳᠠᠪᠬᠤᠷᠭ᠎ᠠ ᠨᠢ ᠭᠤᠤᠯᠳᠠᠭᠤ ᠣᠨᠴᠣᠭᠤᠶ ᠬᠦᠨᠳᠦ ᠶᠡᠭᠡ᠂ ᠨᠡᠯᠢᠶᠡᠳ ᠶᠡᠭᠡ ᠭᠡᠨᠡᠳᠲᠡ ᠶᠢᠨ ᠬᠡᠷᠡᠭ ᠲᠤ ᠴᠢᠭᠯᠡᠭᠦᠯᠦᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ᠂ ᠡᠩ ᠤᠨ ᠪᠠᠶᠢᠳᠠᠯ ᠳᠤ ᠥᠨᠳᠥᠷ ᠠᠴᠠ ᠳᠣᠤᠷ᠎ᠠ ᠬᠦᠷᠲᠡᠯ᠎ᠡ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠬᠤᠪᠢᠶᠠᠨ᠎ᠠ᠃ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠰᠡᠷᠭᠡᠭ ᠪᠥᠭᠡᠳ ᠪᠤᠳᠤᠯᠢᠶᠠᠨᠲᠠᠶ ᠪᠤᠶᠤ ᠵᠦᠶ ᠵᠣᠬᠢᠰ ᠥᠬᠡᠶ ᠰᠢᠢᠳᠪᠦᠷᠢᠯᠡᠭᠰᠡᠨ ᠦᠷ᠎ᠡ ᠳ᠋ᠦᠩ ᠨᠢ ᠬᠦᠨᠳᠦ ᠨᠣᠴᠢᠲᠠᠶ ᠡᠩ ᠤᠨ ᠭᠡᠨᠡᠳᠲᠡ ᠶᠢᠨ ᠬᠡᠷᠡᠭ ᠲᠤ᠂ ᠠᠷᠭᠠᠴᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠠᠶᠢᠮᠠᠭ ᠤᠨ ᠲᠠᠰ ᠤᠨ ᠵᠣᠬᠢᠬᠤ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠡᠬᠢᠯᠡᠭᠦᠯᠦᠨ᠎ᠡ᠃ Ⅰ ᠳᠡᠰ ᠤᠨ ᠴᠤᠤᠷᠢᠶᠠᠲᠤᠯ ᠢ ᠠᠶᠢᠮᠠᠭ ᠤᠨ ᠨᠠᠮ ᠤᠨ  ᠬᠤᠷᠢᠶ᠎ᠠ ᠪᠠ ᠵᠠᠬᠢᠷᠭ᠎ᠠ ᠠᠴᠠ ᠡᠬᠢᠯᠡᠭᠦᠯᠬᠦ ᠪᠠᠷ ᠲᠣᠭᠲᠠᠭᠠᠨ᠎ᠠ᠃ ᠡᠩ ᠤᠨ ᠪᠠᠶᠢᠳᠠᠯ ᠳᠤ ᠣᠨᠴᠣᠭᠤᠶ ᠴᠢᠬᠤᠯᠠ ᠶᠡᠭᠡ ᠵᠢᠴᠢ ᠴᠢᠬᠤᠯᠠ ᠶᠡᠭᠡ ᠬᠡᠷᠡᠭ ᠶᠠᠪᠤᠳᠠᠯ᠂ ᠡᠰᠡᠬᠦᠯ᠎ᠡ ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠣᠷᠣᠨ ᠢ ᠠᠯᠤᠰᠯᠠᠭᠰᠠᠨ᠂ ᠠᠶᠢᠮᠠᠭ ᠬᠤᠲᠠ ᠶᠢᠨ ᠠᠷᠭᠠᠴᠠᠬᠤ ᠴᠢᠳᠠᠪᠤᠷᠢ ᠠᠴᠠ ᠳᠠᠪᠠᠭᠰᠠᠨ ᠨᠡᠯᠢᠶᠡᠳ ᠶᠡᠭᠡ ᠬᠡᠷᠡᠭ ᠶᠠᠪᠤᠳᠠᠯ ᠢ ᠠᠷᠭᠠᠴᠠᠨ᠎ᠠ᠃ ᠭᠡᠨᠡᠳᠲᠡ ᠶᠢᠨ ᠬᠡᠷᠡᠭ ᠤᠨ ᠡᠮᠦᠨᠡᠬᠢ ᠬᠤᠭᠤᠴᠠᠭᠠᠨ ᠤ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ ᠵᠣᠬᠢᠶᠠᠨ ᠪᠠᠶᠢᠭᠤᠯᠤᠨ ᠠᠷᠭᠠᠴᠠᠬᠤ ᠶᠢ ᠵᠣᠬᠢᠶᠠᠨ ᠪᠠᠶᠢᠭᠤᠯᠵᠤ᠂ ᠴᠢᠬᠤᠯᠠ ᠲᠠᠢ ᠦᠶ᠎ᠡ ᠳᠤ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠤᠯᠤᠰ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ ᠵᠢᠯᠣᠭᠤᠳᠤᠭᠤᠯᠵᠤ ᠬᠠᠮᠵᠢᠯᠴᠠᠭᠤᠯᠤᠨ᠎ᠠ᠃ ᠶᠡᠷᠦᠩᠬᠡᠶ ᠵᠢᠯᠣᠭᠤᠳᠤᠭᠴᠢ ᠶᠢᠨ ᠲᠤᠰᠢᠶᠠᠯ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠭᠤᠤᠯ ᠬᠠᠷᠢᠭᠤᠴᠠᠯᠭᠠᠲᠠᠨ ᠪᠤᠶᠤ ᠵᠢᠭᠠᠨ ᠲᠣᠭᠲᠠᠭᠠᠭᠰᠠᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠡᠭᠦᠷᠭᠡᠯᠡᠨ᠎ᠡ᠃ Ⅱ ᠳᠡᠰ ᠤᠨ ᠳᠠᠭᠠᠬᠤ ᠶᠢ ᠵᠠᠰᠠᠭ ᠵᠠᠬᠢᠷᠭᠠᠨ ᠤ ᠵᠠᠬᠢᠷᠭ᠎ᠠ ᠠᠴᠠ ᠡᠬᠢᠯᠡᠭᠦᠯᠬᠦ ᠪᠠᠷ ᠲᠣᠭᠲᠠᠭᠠᠨ᠎ᠠ᠃ ᠡᠩ ᠤᠨ ᠪᠠᠶᠢᠳᠠᠯ ᠳᠤ ᠨᠥᠯᠥᠭᠡᠯᠡᠬᠦ ᠬᠡᠪᠴᠢᠶ᠎ᠡ ᠪᠠᠷ ᠥᠷᠭᠡᠨ᠂ ᠬᠤᠰᠢᠭᠤ ᠰᠢᠶᠠᠨ ᠬᠤᠲᠠ ᠶᠢᠨ ᠠᠷᠭᠠᠴᠠᠬᠤ ᠳᠤ ᠬᠦᠴᠢᠷᠲᠡᠶ ᠨᠡᠯᠢᠶᠡᠳ ᠶᠡᠭᠡ ᠭᠡᠨᠡᠳᠲᠡ ᠶᠢᠨ ᠬᠡᠷᠡᠭ ᠢ ᠠᠷᠭᠠᠴᠠᠨ᠎ᠠ᠃ ᠡᠩ ᠤᠨ ᠪᠠᠶᠢᠳᠠᠯ ᠳᠤ ᠡᠯ᠎ᠡ ᠲᠤᠰᠬᠠᠶ ᠵᠦᠢᠯ‌‍ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠤᠶᠤ ᠲᠦᠷᠦᠭᠦᠯᠡᠨ ᠬᠢᠬᠦ ᠰᠠᠯᠠᠭ᠎ᠠ ᠮᠥᠴᠢᠷ ᠠᠴᠠ ᠠᠵᠢᠯᠯᠠᠬᠤ ᠳᠤᠭᠤᠶᠢᠯᠠᠩ ᠲᠣᠮᠢᠯᠠᠵᠤ ᠬᠡᠷᠡᠭ ᠶᠠᠪᠤᠳᠠᠯ ᠤᠨ ᠰᠢᠨᠵᠢ ᠴᠢᠨᠠᠷ᠂ ᠨᠥᠯᠥᠭᠡᠯᠡᠬᠦ ᠬᠡᠪᠴᠢᠶ᠎ᠡ᠂ ᠡᠵᠡᠮᠳᠡᠬᠦ ᠴᠢᠳᠠᠪᠤᠷᠢ᠂ ᠬᠥᠭᠵᠢᠯᠲᠡ ᠶᠢᠨ ᠪᠠᠶᠢᠳᠠᠯ ᠵᠡᠷᠭᠡ ᠶᠢ ᠦᠨᠳᠦᠰᠦᠯᠡᠨ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠠᠶᠢᠮᠠᠭ  ᠤᠨ ᠵᠠᠬᠢᠷᠭ᠎ᠠ ᠳᠤ ᠳᠡᠪᠰᠢᠭᠦᠯᠵᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠦᠨ᠎ᠡ᠃ ᠶᠡᠷᠦᠩᠬᠡᠶ ᠵᠢᠯᠣᠭᠤᠳᠣᠭᠴᠢ ᠶᠢᠨ ᠲᠤᠰᠢᠶᠠᠯ ᠢ ᠠᠶᠢᠮᠠᠭ ᠤᠨ ᠳᠠᠷᠤᠭ᠎ᠠ ᠪᠤᠶᠤ ᠭᠤᠤᠯ ᠬᠠᠷᠢᠭᠤᠴᠠᠯᠭᠠᠲᠠᠨ ᠨᠥᠬᠦᠷ ᠡᠭᠦᠷᠭᠡᠯᠡᠨ᠎ᠡ᠃ Ⅲ ᠲᠠᠰ ᠤᠨ ᠳᠠᠭᠠᠬᠤ ᠶᠢ ᠠᠶᠢᠮᠠᠭ ᠤᠨ ᠵᠠᠬᠢᠷᠭ᠎ᠠ ᠠᠴᠠ ᠡᠬᠢᠯᠡᠭᠦᠯᠬᠦ ᠪᠠᠷ ᠲᠣᠭᠲᠠᠭᠠᠨ᠎ᠠ᠃ ᠭᠤᠣᠯᠳᠠᠭᠤ ᠲᠤᠰ ᠠᠶᠢᠮᠠᠭ ᠤᠨ ᠬᠤᠰᠢᠭᠤ ᠰᠢᠶᠠᠨ ᠬᠤᠳᠠ ᠶᠢᠨ ᠵᠠᠰᠠᠭ ᠵᠠᠬᠢᠷᠭᠠᠨ  ᠤ ᠣᠷᠣᠨ ᠠᠯᠤᠰᠯᠠᠭᠰᠠᠨ ᠪᠤᠶᠤ ᠬᠤᠰᠢᠭᠤ ᠰᠢᠶᠠᠨ ᠬᠤᠳᠠ ᠶᠢᠨ ᠠᠷᠭᠠᠴᠠᠬᠤ ᠴᠢᠳᠠᠪᠤᠷᠢ ᠠᠴᠠ ᠳᠠᠪᠠᠭᠰᠠᠨ ᠡᠩ ᠤᠨ ᠲᠡᠰ ᠤᠨ ᠭᠡᠨᠡᠳᠲᠡ ᠶᠢᠨ ᠬᠡᠷᠡᠭ  ᠢ ᠠᠷᠭᠠᠴᠠᠬᠤ ᠳᠤ ᠶᠡᠷᠦᠳᠡᠭᠡᠨ ᠡᠯ᠎ᠡ ᠬᠤᠰᠢᠭᠤ ᠰᠢᠶᠠᠨ ᠬᠤᠳᠠ ᠶᠢᠨ ᠠᠷᠠᠳ  ᠤᠨ ᠵᠠᠰᠠᠭ ᠤᠨ ᠣᠷᠳᠣᠨ ᠠᠴᠠ ᠱᠠᠭᠠᠷᠳᠠᠯᠭ᠎ᠠ ᠳᠤᠷᠠᠳᠬᠤ ᠬᠡᠷᠡᠭᠲᠡᠶ᠃ ᠠᠶᠢᠮᠠᠭ ᠤᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠲᠤᠰᠬᠠᠶ ᠵᠢᠯᠣᠭᠤᠳᠬᠤ ᠭᠠᠵᠠᠷ ᠪᠤᠶᠤ ᠲᠦᠷᠦᠭᠦᠯᠡᠬᠦ ᠰᠠᠯᠠᠭ᠎ᠠ ᠮᠥᠴᠢᠷ ᠨᠢ ᠪᠠᠶᠢᠳᠠᠯ ᠢ ᠦᠵᠡᠵᠦ ᠪᠠᠶᠢᠭᠠᠳ ᠵᠢᠯᠣᠭᠤᠳᠬᠤ ᠳᠤᠭᠤᠶᠢᠯᠠᠩ ᠲᠣᠮᠢᠯᠠᠵᠤ᠂ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠠᠶᠢᠮᠠᠭ  ᠤᠨ ᠵᠠᠬᠢᠷᠭ᠎ᠠ ᠳᠤ ᠳᠡᠪᠰᠢᠭᠦᠯᠵᠦ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠠᠵᠢᠯ ᠢ ᠡᠬᠢᠯᠡᠭᠦᠯᠦᠨ᠎ᠡ᠃ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠲᠥᠰᠦᠯ ᠳᠤ ᠬᠠᠷᠢᠶ᠎ᠠ ᠭᠠᠵᠠᠷ ᠢᠶᠠᠷ ᠭᠤᠤᠯ ᠪᠣᠯᠭᠠᠬᠤ ᠵᠠᠷᠴᠢᠮ ᠶᠣᠰᠣᠭᠠᠷ᠂ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠢ ᠨᠢᠭᠡᠳᠦᠯᠲᠡᠶ ᠤᠳᠤᠷᠢᠳᠴᠤ᠂ ᠵᠣᠬᠢᠶᠠᠨ ᠪᠠᠶᠢᠭᠤᠯᠤᠨ ᠵᠢᠯᠣᠭᠤᠳᠤᠨ᠎ᠠ ᠭᠡᠵᠦ ᠲᠣᠳᠣᠷᠬᠠᠶ ᠲᠣᠭᠲᠠᠭᠠᠪᠠ᠃   ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠲᠤᠬᠠᠶ᠃ ᠶᠡᠷᠦᠩᠬᠡᠶ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠᠴᠢᠯᠠᠬᠤ ᠳᠠᠭᠠᠨ᠂ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ︾ ︽ᠨᠢᠭᠡ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠨᠢᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ︽ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠵᠡᠷᠭᠡ ᠨᠠᠮ ᠤᠨ ᠳᠣᠲᠣᠭᠠᠳᠤ ᠶᠢᠨ ᠲᠦᠷᠢᠮ ᠲᠣᠭᠲᠠᠭᠠᠯ ᠵᠢᠴᠢ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ᠂ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠲᠠᠯ᠎ᠠ ᠶᠢᠨ ᠪᠢᠴᠢᠭ ᠮᠠᠲ᠋ᠧᠷᠢᠶᠠᠯ ᠳᠤ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷᠢᠭᠤᠴᠠᠯᠭ᠎ᠠ ᠳᠤ ᠴᠥᠮ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠡᠭᠦᠨ ᠢ ᠦᠨᠳᠦᠰᠦᠯᠡᠨ᠂ ︽ᠶᠡᠷᠦᠩᠬᠡᠶ ᠪᠡᠯᠡᠳᠬᠡᠯ ᠲᠥᠰᠦᠯ︾ ᠳᠤ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠢ ᠪᠦᠬᠦ ᠲᠠᠯ᠎ᠠ ᠪᠠᠷ ᠬᠠᠷᠢᠭᠤᠴᠠᠬᠤ ᠪᠠ ᠭᠠᠵᠠᠷ ᠣᠷᠣᠨ ᠤ ᠬᠠᠮᠢᠶᠠᠷᠤᠯᠲᠠ ᠶᠢ ᠪᠣᠳᠠᠲᠠᠶ ᠪᠠᠷ ᠪᠠᠲᠤᠯᠠᠬᠤ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃   ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠲᠤᠬᠠᠶ᠃ ᠮᠡᠳᠡᠭᠡ ᠵᠠᠩᠭᠢ ᠶᠢᠨ ᠮᠡᠳᠡᠭᠦᠯᠦᠯᠲᠡ ᠪᠣᠯ ᠭᠡᠨᠡᠳᠲᠡ ᠶᠢᠨ ᠬᠡᠷᠡᠭ ᠢ ᠠᠷᠭᠠᠴᠠᠬᠤ ᠠᠵᠢᠯ ᠤᠨ ᠨᠢᠭᠡᠳᠦᠭᠡᠷ ᠵᠠᠷᠯᠢᠭ ᠮᠥᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠵᠢᠯᠣᠭᠤᠳᠬᠤ ᠪᠠᠶᠢᠭᠤᠯᠤᠮᠵᠢ ᠶᠢᠨ ᠭᠠᠷᠭᠠᠭᠰᠠᠨ ᠡᠯ᠎ᠡ ᠵᠦᠢᠯ ᠤᠨ  ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠴᠢᠬᠤᠯᠠ ᠦᠨᠳᠦᠰᠦᠯᠡᠯ ᠮᠥᠨ᠂ ᠮᠡᠳᠡᠭᠡ ᠵᠠᠩᠭᠢ ᠶᠢᠨ ᠮᠡᠳᠡᠭᠦᠯᠦᠯᠲᠡ ᠳᠤ ᠡᠷᠬᠡᠪᠰᠢ ᠴᠠᠭᠴᠢ ᠴᠢᠨᠠᠷ ᠪᠠ ᠣᠨᠣᠪᠴᠢᠲᠤ ᠴᠢᠨᠠᠷ ᠢ ᠡᠷᠬᠢᠮᠯᠡᠬᠦ ᠬᠡᠷᠡᠭᠲᠡᠶ᠃ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠠᠵᠢᠯ ᠢ ᠴᠢᠩᠭᠠᠳᠬᠠᠬᠤ ᠶᠢᠨ ᠲᠥᠯᠥᠭᠡ᠂ ︽ᠶᠡᠷᠦᠩᠬᠡᠶ ᠲᠥᠰᠦᠯ︾ ᠳᠤ ᠦᠨᠳᠦᠰᠦᠨ ᠱᠠᠲᠤᠨ ᠤ ᠰᠦᠯᠵᠢᠶᠡᠨ ᠤ ᠠᠵᠢᠯᠲᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡᠳᠦᠯᠲᠡᠶ ᠵᠢᠷᠤᠮᠵᠢᠭᠰᠠᠨ ᠦᠨᠳᠦᠰᠦᠨ ᠱᠠᠲᠤᠨ ᠤ ᠰᠦᠯᠵᠢᠶᠡᠨ ᠤ ᠠᠵᠢᠯᠲᠠᠨ ᠢ ᠬᠠᠮᠢᠶᠠᠷᠬᠤ ᠪᠠ ᠤᠷᠮᠠᠰᠢᠭᠤᠯᠬᠤ ᠳᠦᠷᠢᠮ ᠢ ᠪᠠᠶᠢᠭᠤᠯᠵᠤ᠂ ᠲᠦᠭᠰᠢᠭᠦᠷᠢ  ᠶᠢᠨ ᠲᠠᠯᠳᠠ ᠭᠡᠮ ᠢ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ᠂ ᠭᠡᠨᠡᠳᠲᠡ  ᠶᠢᠨ ᠬᠡᠷᠡᠭ  ᠢ ᠡᠭᠦᠷᠭᠡᠯᠡᠭᠰᠡᠨ  ᠢ ᠡᠩ ᠲᠡᠷᠢᠭᠦᠨ  ᠳᠤ ᠮᠡᠳᠡᠭᠦᠯᠬᠦ᠂ ᠡᠩ ᠲᠡᠷᠢᠭᠦᠨ  ᠳᠤ ᠤᠷᠢᠳᠴᠢᠯᠠᠨ  ᠰᠢᠢᠳᠪᠦᠷᠢᠯᠡᠬᠦ ᠵᠡᠷᠭᠡ  ᠶᠢ ᠣᠷᠣᠨ ᠨᠤᠲᠤᠭ  ᠤᠨ ᠡᠯ᠎ᠡ ᠱᠠᠲᠤᠨ  ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ  ᠤᠳ ᠭᠡᠨᠡᠳᠲᠡ ᠶᠢᠨ ᠬᠡᠷᠡᠭ  ᠢ ᠬᠥᠯᠢᠶᠡᠨ ᠠᠪᠤᠭᠰᠠᠨ  ᠤ ᠲᠠᠷᠠᠭ᠎ᠠ᠂ ᠳᠠᠷᠦ᠋ᠢᠬᠠᠨ ᠦᠨᠡᠨ ᠮᠥᠨ ᠢᠶᠠᠷ ᠨᠢ ᠳᠡᠭᠡᠳᠦ ᠱᠠᠲᠤᠨ ᠳᠤ ᠮᠡᠳᠡᠭᠦᠯᠬᠦ ᠬᠡᠷᠡᠭᠲᠡᠶ᠂ ᠪᠢᠴᠢᠭ ᠢ ᠬᠠᠮᠤᠭ ᠤᠨ ᠤᠷᠦᠢ ᠳᠠᠭᠠᠨ 1 ᠴᠠᠭ ᠠᠴᠠ ᠬᠡᠲᠦᠷᠡᠭᠦᠯᠵᠦ ᠪᠣᠯᠬᠤ ᠥᠭᠡᠢ ︵ᠤᠯᠤᠰ  ᠤᠨ ᠶᠡᠷᠦᠩᠬᠡᠶ ᠲᠥᠰᠦᠯ  ᠤᠨ ᠲᠣᠭᠲᠠᠭᠠᠯ  ᠳᠤ 1 ᠴᠠᠭ ᠠᠴᠠ ᠬᠡᠲᠦᠷᠡᠭᠦᠯᠵᠦ ᠪᠣᠯᠬᠤ ᠥᠭᠡᠢ︶᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠨᠢᠭᠤᠨ ᠳᠠᠯᠳᠠᠯᠠᠭᠠᠳ ᠮᠡᠳᠡᠭᠦᠯᠬᠦ ᠥᠭᠡᠢ ᠪᠠᠶᠢᠬᠤ  ᠶᠢ ᠴᠢᠩᠭ᠎ᠠ ᠴᠠᠭᠠᠵᠠᠯᠠᠬᠤ ᠬᠡᠷᠡᠭᠲᠡᠶ᠃ ᠣᠨᠴᠣᠭᠤᠶ ᠬᠦᠨᠳᠦ ᠶᠡᠭᠡ ᠭᠡᠨᠡᠳᠲᠡ ᠶᠢᠨ ᠬᠡᠷᠡᠭ ᠭᠠᠷᠤᠭᠰᠠᠨ  ᠤ ᠳᠠᠷᠠᠭ᠎ᠠ ᠪᠤᠶᠤ ᠣᠨᠴᠣᠭᠤᠶ ᠪᠠᠶᠢᠳᠠᠯ  ᠤᠨ ᠳᠣᠣᠷ᠎ᠠ᠂ ᠬᠡᠷᠡᠭ ᠭᠠᠷᠤᠭᠰᠠᠨ ᠭᠠᠵᠠᠷ  ᠤᠨ ᠵᠠᠰᠠᠭ  ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ  ᠤᠳ ᠠᠶᠢᠮᠠᠭ  ᠤᠨ ᠨᠠᠮ  ᠤᠨ ᠬᠤᠷᠢᠶ᠎ᠠ᠂ ᠵᠠᠰᠠᠭ ᠵᠠᠬᠢᠷᠭᠠᠨ ᠤ ᠵᠠᠬᠢᠷᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠭᠤᠳ ᠮᠡᠳᠡᠭᠦᠯᠬᠦ  ᠶᠢᠨ ᠬᠠᠮᠲᠤ ᠳᠡᠭᠡᠷ᠎ᠡ ᠨᠢᠭᠡ ᠱᠠᠲᠤᠨ  ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ    ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠤᠬᠠᠶ᠃ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠪᠣᠯ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠥᠨᠳᠥᠷ ᠦᠷ᠎ᠡ ᠪᠦᠲᠦᠮᠵᠢᠲᠡᠶ ᠪᠠᠷ  ᠰᠢᠢᠳᠪᠦᠷᠢᠯᠡᠬᠦ ᠶᠢᠨ ᠤᠷᠢᠲᠠᠯ ᠪᠠ ᠰᠠᠭᠤᠷᠢ ᠪᠣᠯᠤᠨ᠎ᠠ᠃ ᠰᠢ ᠶᠢᠨ ᠫᠢᠩ ᠶᠡᠷᠦᠩᠬᠡᠶ ᠱᠦᠵᠢ ᠵᠢᠭᠠᠵᠤ ᠭᠠᠷᠭᠠᠬᠤ ᠳᠠᠭᠠᠨ᠄ ᠪᠡᠯᠡᠳᠬᠡᠬᠦ ᠠᠴᠠ ᠪᠢᠰᠢ ᠬᠡᠷᠡᠭᠯᠡᠬᠦ ᠦᠭᠡᠢ  ᠪᠠᠶᠢᠵᠦ᠂ ᠬᠡᠷᠡᠭᠯᠡᠬᠦ ᠦᠶᠡᠰ ᠪᠡᠯᠡᠳᠬᠡᠯ ᠦᠭᠡᠢ ᠪᠠᠶᠢᠵᠤ ᠪᠣᠯᠬᠤ ᠦᠭᠡᠢ᠃ ᠲᠣᠰ ᠤᠳᠠᠭ᠎ᠠ ᠲᠥᠰᠦᠯ ᠳᠤ ᠵᠠᠰᠠᠪᠤᠷᠢ ᠣᠷᠣᠭᠤᠯᠬᠤ ᠳᠠᠭᠠᠨ᠂ ᠥᠩᠭᠡᠷᠡᠭᠰᠡᠨ ᠤ ᠲᠤᠷᠰᠢᠯᠭ᠎ᠠ ᠰᠤᠷᠭᠠᠮᠵᠢ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠡᠩᠨᠡᠭᠡ ᠶᠢᠨ ᠪᠠᠲᠤᠯᠠᠭ᠎ᠠ᠂ ᠪᠠᠯᠠ ᠮᠥᠩᠭᠦ ᠶᠢᠨ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ᠂ ᠵᠠᠮ ᠲᠡᠭᠡᠭᠡᠪᠦᠷᠢ ᠶᠢᠨ ᠪᠠᠲᠤᠯᠠᠭ᠎ᠠ᠂ ᠵᠢᠯᠣᠭᠤᠳᠣᠯᠭ᠎ᠠ ᠪᠠ ᠴᠢᠮᠡᠭᠡ ᠬᠤᠯᠪᠣᠭ᠎ᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠬᠠᠮᠢᠶᠠᠷᠤᠯᠲᠠ ᠪᠠ  ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃    
 
ᠢᠷᠡᠯᠲᠡ᠄ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号