ᠬᠢᠩᠭᠠᠨ ᠠᠶᠢᠮᠠᠭ 2022 ᠣᠨ ᠤ ᠪᠥᠬᠦ ᠣᠷᠣᠨ ᠤ ᠰᠢᠯᠢᠳᠡᠭ ᠰᠣᠶᠣᠯ ᠪᠠ ᠵᠤᠭᠠᠴᠠᠯ ᠤᠨ ᠰᠠᠶᠢᠨ ᠳᠤᠷ᠎ᠠ ᠶᠢᠨ  ᠦᠢᠯᠡᠴᠢᠯᠡᠭᠡᠨ ᠤ ᠭᠤᠷᠪᠠᠨ  ᠵᠦᠢᠯ ᠤᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2023/2/22
    ᠣᠶᠢᠷ᠎ᠠ ᠳᠤ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠤᠭᠠᠴᠠᠯ ᠤᠨ ᠲᠢᠩᠬᠢᠮ ᠠᠴᠠ 2022 ᠣᠨ ᠤ ᠰᠣᠶᠣᠯ ᠪᠠ  ᠵᠤᠭᠠᠴᠠᠯ ᠤᠨ ᠰᠠᠶᠢᠨ ᠳᠤᠷ᠎ᠠ ᠶᠢᠨ  ᠦᠢᠯᠡᠴᠢᠯᠡᠭᠡᠨ ᠤ ᠠᠵᠢᠯᠯᠠᠭ᠎ᠠ ᠳᠤ ᠨᠡᠶᠢᠭᠡᠮ ᠤᠨ ᠲᠤᠰᠬᠠᠯ ᠨᠡᠯᠢᠶᠡᠳ ᠰᠠᠶᠢᠨ᠂ ᠠᠵᠢᠯ ᠤᠨ ᠦᠷ᠎ᠡ ᠪᠦᠲᠦᠮᠵᠢ ᠪᠠᠷ ᠲᠣᠪᠤᠶᠢᠮ᠎ᠠ ᠨᠢᠭᠡ ᠪᠦᠯᠦᠭ ᠰᠠᠶᠢᠨ ᠳᠤᠷ᠎ᠠ ᠶᠢᠨ ᠦᠢᠯᠡᠴᠢᠯᠡᠭᠡᠨ ᠤ  ᠵᠦᠢᠯᠡᠰ᠂ ᠪᠦᠯᠬᠦᠮ ᠨᠡᠶᠢᠲᠡ ᠪᠠ ᠬᠤᠪᠢ ᠬᠥᠮᠦᠨ ᠢ ᠰᠣᠩᠭᠤᠨ ᠭᠠᠷᠭᠠᠵᠠᠶ᠃ ᠡᠭᠦᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠠᠨᠠᠷ ᠤᠨ ᠦᠷ᠎ᠡ︾ ᠶᠢ ᠤᠬᠠᠭᠤᠯᠤᠨ ᠲᠠᠶᠢᠯᠪᠤᠷᠢᠯᠠᠬᠤ ᠲᠥᠯᠥᠪᠯᠡᠭᠡ ᠨᠢ ︽2022 ᠣᠨ ᠤ ᠪᠥᠬᠦ ᠣᠷᠣᠨ ᠤ ᠰᠢᠯᠢᠳᠡᠭ ᠰᠣᠶᠣᠯ ᠪᠠ  ᠵᠤᠭᠠᠴᠠᠯ ᠤᠨ ᠰᠠᠶᠢᠨ ᠳᠤᠷ᠎ᠠ ᠶᠢᠨ ᠦᠢᠡᠯᠴᠢᠯᠡᠭᠡᠨ ᠤ ᠲᠥᠷᠥᠯ ᠵᠦᠢᠯ︾ ᠢ ᠢᠷᠠᠭᠤ ᠠᠯᠳᠠᠷᠲᠠᠶ ᠪᠠᠷ ᠭᠥᠷᠳᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠶᠣᠯ ᠤᠨ ᠣᠷᠳᠣᠨ ᠤ ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ ︽2022 ᠣᠨ ᠤ ᠪᠥᠬᠦ ᠣᠷᠣᠨ ᠤ ᠰᠢᠯᠢᠳᠡᠭ ᠰᠣᠶᠣᠯ ᠪᠠ  ᠵᠤᠭᠠᠴᠠᠯ ᠤᠨ ᠰᠠᠶᠢᠨ ᠳᠤᠷ᠎ᠠ ᠶᠢᠨ  ᠦᠢᠯᠡᠴᠢᠯᠡᠭᠡᠨ ᠤ ᠪᠦᠯᠬᠦᠮ︾ ᠢ ᠢᠷᠠᠭᠤ ᠠᠯᠳᠠᠷᠲᠠᠶ ᠪᠠᠷ ᠭᠥᠷᠳᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠲᠤᠴᠠᠭᠠᠨ ᠠᠮᠢ ᠠᠬᠤᠶ ᠶᠢᠨ ᠰᠣᠶᠣᠯ ᠵᠤᠭᠠᠴᠠᠯ ᠤᠨ ᠬᠢᠵᠠᠭᠠᠷᠲᠤ ᠺᠣᠮᠫᠠᠨᠢ ᠶᠢᠨ ᠯᠢᠦ ᡁᠢ ᠫᠧᠩ ︽2022 ᠣᠨ ᠤ ᠪᠥᠬᠦ ᠣᠷᠣᠨ ᠤ ᠰᠢᠯᠢᠳᠡᠭ ᠰᠣᠶᠣᠯ ᠪᠠ ᠵᠢᠭᠤᠯᠴᠢᠯᠠᠯ ᠤᠨ ᠰᠠᠶᠢᠨ ᠳᠤᠷ᠎ᠠ ᠶᠢᠨ ᠠᠵᠢᠯᠯᠠᠭᠴᠢ︾ ᠶᠢ ᠢᠷᠠᠭᠤ ᠠᠯᠳᠠᠷᠲᠠᠶ ᠪᠠᠷ ᠭᠥᠷᠳᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠠᠨᠠᠷ ᠤᠨ ᠦᠷ᠎ᠡ︾ ᠶᠢᠨ ᠦᠯᠢᠭᠡᠷ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ 2020 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠭᠤᠣᠯ ᠬᠥᠭ ᠠᠶᠠᠰ ᠢ ᠴᠢᠪᠬᠠᠳᠠᠬᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠯᠠᠮᠵᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠥᠪᠡᠷ ᠤᠨ ᠡᠭᠦᠷᠭᠡ ᠪᠠᠨ ᠪᠣᠯᠭᠠᠵᠤ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠢᠳᠡᠪᠬᠢᠲᠡᠢ ᠰᠦᠪᠡᠭᠴᠢᠯᠡᠵᠦ᠂ ︽ᠴᠢᠯᠥᠭᠡᠯᠡᠯᠲᠡ ᠶᠢᠨ ᠪᠠᠭᠠᠲᠤᠷ ᠲᠠᠢ ᠰᠢ ᠳ᠋ᠧ︾᠂ ︽ᠥᠨᠢ ᠡᠭᠦᠷᠢᠳᠡ ᠨᠠᠮ ᠢᠶᠠᠨ ᠳᠠᠭᠠᠨ᠎ᠠ︾ ᠵᠡᠷᠭᠡ ᠤᠯᠠᠨ ᠦᠯᠢᠭᠡᠷ ᠤᠨ ᠬᠤᠯᠪᠤᠭ᠎ᠠ  ᠶᠢᠨ ᠪᠦᠲᠦᠭᠡᠯ ᠢ ᠨᠠᠶᠢᠷᠠᠭᠤᠯᠤᠨ ᠵᠣᠬᠢᠶᠠᠵᠤ᠂ ᠤᠯᠠᠮᠵᠢᠯᠠᠯᠲᠤ ᠪᠠᠶᠠᠷ ᠳᠤᠷᠠᠰᠬᠠᠯ ᠲᠠᠢ ᠤᠶᠠᠯᠳᠤᠭᠤᠯᠤᠨ ᠤᠯᠠᠨ ᠬᠡᠯᠪᠡᠷᠢ ᠶᠢᠨ ᠰᠣᠯᠢᠯᠴᠠᠭ᠎ᠠ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠶᠢ ᠬᠦᠳᠦᠯᠦᠨ ᠵᠢᠯᠣᠭᠤᠳᠤᠨ᠎ᠠ᠃    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠣᠶᠣᠯ ᠤᠨ ᠣᠷᠳᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠰᠠᠶᠢᠨ ᠳᠤᠷ᠎ᠠ ᠶᠢᠨ  ᠦᠢᠯᠡᠴᠢᠯᠡᠭᠡᠨ ᠤ ᠲᠥᠷᠥᠯ  ᠵᠦᠢᠯ ᠢ ᠲᠠᠰᠤᠷᠠᠯᠲᠠ ᠥᠬᠡᠶ ᠥᠷᠭᠡᠳᠬᠡᠵᠦ᠂ ᠰᠠᠶᠢᠨ ᠳᠤᠷ᠎ᠠ ᠶᠢᠨ  ᠦᠢᠯᠡᠴᠢᠯᠡᠭᠡᠨ ᠤ ᠠᠩᠭᠢ ᠶᠢᠨ ᠥᠪᠡᠷᠮᠢᠴᠡ ᠣᠨᠴᠠᠯᠢᠭ ᠲᠠᠢ ᠠᠵᠢᠯᠯᠠᠭ᠎ᠠ ᠶᠢ ᠠᠯᠬᠤᠮ  ᠠᠯᠬᠤᠮ ᠢᠶᠠᠷ ᠪᠦᠷᠢᠯᠳᠦᠭᠦᠯᠪᠡ᠃ ᠰᠣᠶᠣᠯ ᠤᠨ ᠣᠷᠳᠣᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠦᠰᠢᠭᠯᠡᠨ᠂ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠠᠵᠢᠯᠯᠠᠭ᠎ᠠ ᠶᠢ ᠲᠦᠯᠬᠢᠨ ᠠᠬᠢᠭᠤᠯᠵᠤ᠂ ᠠᠵᠢᠯ ᠤᠨ ᠴᠢᠯᠥᠭᠡᠨ ᠤ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠪᠠ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠰᠣᠨᠢᠷᠬᠠᠭᠴᠢᠳ ᠲᠤ ᠲᠤᠰᠬᠠᠶ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ ᠤᠳᠬ᠎ᠠ ᠤᠷᠠᠯᠢᠭ ᠤᠨ ᠰᠣᠨᠢᠷᠬᠠᠭᠴᠢᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠰᠢᠶᠠᠩ ᠪᠠᠯᠭᠠᠰᠤᠨ ᠳᠤ ᠣᠴᠢᠭᠤᠯᠤᠨ ᠤᠷᠠᠨ ᠰᠠᠶᠢᠬᠠᠨ ᠤ ᠲᠣᠭᠯᠠᠯᠲᠠ ᠬᠢᠯᠭᠡᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠭᠤᠳᠠᠮ ᠲᠠᠯᠠᠪᠠᠢ ᠶᠢᠨ ᠪᠥᠵᠢᠭ ᠤᠨ ᠪᠣᠯᠪᠠᠰᠤᠷᠠᠯ ᠬᠢᠯᠭᠡᠵᠦ᠂ ᠥᠷᠭᠡᠨ ᠤᠯᠠᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠢᠳᠡᠪᠬᠢ ᠬᠦᠴᠦᠨ ᠢ ᠳᠠᠮᠵᠢᠭᠤᠯᠪᠠ᠃    ︽2022 ᠣᠨ ᠤ ᠪᠥᠬᠦ ᠣᠷᠣᠨ ᠤ ᠰᠢᠯᠢᠳᠡᠭ ᠰᠣᠶᠣᠯ ᠪᠠ ᠵᠤᠭᠠᠴᠠᠯ ᠤᠨ ᠰᠠᠶᠢᠨ ᠳᠤᠷ᠎ᠠ ᠶᠢᠨ ᠠᠵᠢᠯᠯᠠᠭᠴᠢ ︾ ᠶᠢᠨ ᠢᠷᠠᠭᠤ ᠠᠯᠳᠠᠷ ᠢ ᠭᠥᠷᠳᠡᠭᠰᠡᠨ ᠯᠢᠦ ᡁᠢ ᠫᠧᠩ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠠᠶᠢᠴᠢᠨᠲᠠᠯ᠎ᠠ ᠰᠤᠮᠤ ᠶᠢᠨ ᠳᠠᠶᠢᠴᠢᠨᠲᠠᠯ᠎ᠠ ᠭᠠᠴᠠᠭ᠎ᠠ ᠶᠢᠨ ᠨᠤᠲᠤᠭ ᠲᠠᠭᠠᠨ ᠪᠤᠴᠠᠵᠤ  ᠦᠢᠯᠡᠰ ᠴᠣᠭᠴᠠᠯᠠᠭᠴᠢ ᠪᠣᠯᠤᠨ᠎ᠠ᠃ ᠲᠡᠷᠡ ᠮᠠᠯᠴᠢᠨ ᠠᠶᠢᠯ ᠤᠨ ᠵᠤᠭᠠᠴᠠᠯ ᠢ ᠡᠷᠬᠢᠯᠡᠵᠦ᠂ ᠭᠠᠴᠠᠭᠠᠨ ᠤ ᠬᠦᠴᠢᠷᠳᠡᠯᠲᠡᠢ ᠤᠯᠠᠨ ᠲᠦᠮᠡᠨ ᠳᠤ ᠠᠵᠢᠯ ᠤᠨ ᠪᠠᠶᠢᠷᠢ ᠬᠠᠩᠭᠠᠬᠤ ᠶᠢᠨ ᠬᠠᠮᠲᠤ ᠪᠠᠰᠠ ᠨᠡᠶᠢᠲᠡ ᠶᠢᠨ ᠠᠰᠠᠷᠠᠮᠵᠢ ᠶᠢᠨ ᠰᠣᠶᠣᠯ ᠵᠤᠭᠠᠴᠠᠯ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠠ ᠹᠧᠩ ᠬᠡᠭᠡᠷᠡᠯᠡᠭᠴᠢ ᠺᠯᠦ᠋ᠪ ᠢ ᠳᠠᠭᠠᠭᠤᠯᠤᠨ ᠦᠵᠡᠮᠵᠢ ᠶᠢᠨ ᠣᠷᠣᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠠᠯᠪᠠᠨ ᠵᠢᠷᠤᠮ ᠤᠨ ᠠᠪᠤᠷᠠᠨ ᠲᠤᠰᠠᠯᠠᠯᠲᠠ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠪᠦᠬᠦ ᠠᠷᠠᠳ ᠤᠨ ᠣᠷᠣᠯᠴᠠᠭᠰᠠᠨ ︽ᠪᠣᠯᠪᠠᠰᠤᠨ ᠤ ᠭᠡᠷᠡᠯ ᠭᠢᠯᠪᠠᠭ᠎ᠠ︾ ᠶᠢ ᠭᠡᠷᠡᠯᠳᠦᠬᠦᠯᠵᠦ᠂ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠡᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号