ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/2/22
   ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠳᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠠᠴᠠ ᠡᠬᠢᠯᠡᠨ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠢ ᠬᠠᠮᠲᠤᠷᠠᠨ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠢᠭᠤᠳ ᠬᠠᠷᠢᠶ᠎ᠠ 10 ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠨᠢ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠪᠠᠶᠢᠷᠢ ᠶᠢᠨ ᠬᠡᠷ᠂ ᠬᠤᠭᠤᠯᠠᠨ ᠬᠡᠷ᠂ ᠲᠤᠷᠰᠢᠯᠲᠠ ᠶᠢᠨ ᠲᠠᠰᠤᠭ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ ᠪᠠ ᠬᠠᠮᠢᠶ᠎ᠠ ᠪᠥᠬᠦᠶ ᠡᠬᠡ ᠲᠠᠩᠰᠠ᠂ ᠡᠭᠦᠳᠡᠨ ᠬᠠᠷᠠᠭᠤᠯ ᠤᠨ ᠬᠠᠮᠢᠶᠠᠷᠤᠯᠲᠠ ᠶᠢᠨ ᠳᠡᠩᠰᠡᠯᠡᠯᠲᠡ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ᠂ ᠨᠢᠭᠡ ᠯᠡ ᠳᠠᠷᠤᠪᠴᠢ ᠪᠠᠷ ᠲᠦᠭᠰᠢᠭᠦᠷᠢ ᠮᠡᠳᠡᠭᠦᠯᠬᠦ᠂ ᠢᠳᠡᠭᠡᠨ ᠤᠮᠳᠠᠭᠠᠨ ᠤ ᠠᠮᠤᠷ ᠲᠦᠪᠰᠢᠨ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠪᠠᠷᠢᠯᠭ᠎ᠠ ᠶᠢᠨ ᠪᠡᠯᠡᠳᠬᠡᠮᠵᠢ ᠶᠢᠨ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠡ᠃ ᠡᠭᠦᠨ ᠤ ᠬᠠᠮᠲᠤ ᠲᠤᠬᠠᠶ ᠶᠢᠨ ᠲᠠᠯᠠᠪᠤᠷ ᠲᠤ ᠬᠠᠷᠢᠭᠤ ᠲᠤᠰᠬᠠᠬᠤ ᠬᠤᠷᠠᠯ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠴᠡᠭᠴᠡᠯᠡᠨ ᠥᠭᠡᠷᠡᠴᠢᠯᠡᠬᠦ ᠰᠠᠨᠠᠭᠤᠯᠭ᠎ᠠ ᠳᠤᠷᠠᠳᠪᠠ᠃    ︽ᠲᠣᠰ ᠤᠳᠠᠭᠠᠨ ᠤ ᠰᠤᠷᠤᠯᠭ᠎ᠠ ᠡᠬᠢᠯᠡᠬᠦ ᠤᠯᠠᠷᠢᠯ ᠳᠤ ᠣᠯᠠᠨ ᠰᠠᠯᠠᠭ᠎ᠠ ᠮᠥᠴᠢᠷ ᠤᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠬᠦ ᠪᠣᠯ ᠮᠠᠨ ᠤ ᠰᠤᠷᠭᠠᠭᠤᠯᠢ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠨ᠎ᠡ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠢᠪᠠᠳᠠᠨ ᠵᠢᠯᠣᠭᠤᠳᠬᠤ ᠰᠠᠶᠢᠨ ᠲᠣᠬᠢᠶᠠᠯ ᠮᠥᠨ᠂ ᠨᠠᠩ ᠴᠤ ︿ᠰᠤᠷᠭᠠᠭᠤᠯᠢ ᠶᠢ ᠬᠠᠮᠠᠭᠠᠯᠠᠬᠤ ᠠᠮᠤᠷ ᠲᠦᠪᠰᠢᠨ ᠤ ᠲᠤᠰᠬᠠᠶ ᠠᠵᠢᠯᠯᠠᠭ᠎ᠠ﹀ ᠶᠢ ᠳᠥᠯᠭᠢᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︿ᠭᠤᠷᠪᠠᠨ ᠵᠢᠯ ᠤᠨ ᠠᠵᠢᠯᠯᠠᠭ᠎ᠠ﹀ ᠶᠢᠨ ᠲᠥᠯᠥᠪᠯᠡᠭᠡ ᠶᠢᠨ ᠦᠷ᠎ᠡ ᠪᠦᠲᠦᠭᠡᠯ ᠢ ᠪᠠᠬᠢᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ︾᠃ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠭᠤᠷᠪᠠᠳᠤᠭᠠᠷ ᠳᠡᠰ ᠤᠨ ᠴᠠᠭᠳᠠᠭᠠᠨ ᠳᠠᠷᠤᠭ᠎ᠠ ᠢᠦᠶ ᡁᠢ ᠴᠤᠤ ᠬᠡᠯᠡᠬᠦ ᠳᠡᠭᠡᠨ᠂ ︽ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠪᠢᠳᠡ ᠪᠠᠰᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠥᠴᠦᠬᠡᠨ ᠴᠦ ᠬᠡᠮ ᠰᠣᠭᠤᠭ ᠤᠨ ᠬᠠᠨᠳᠤᠰᠢ ᠶᠢ ᠠᠯᠳᠠᠬᠤ ᠥᠬᠡᠶ︾ ᠭᠡᠵᠡᠶ᠃    ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠ ᠠᠴᠠ ᠬᠦᠨᠳᠦ᠂ ᠪᠢᠳᠡ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠷᠢᠨ ᠬᠢᠨᠠᠮᠠᠭᠠᠶ ᠪᠠᠶᠢᠴᠠᠭᠠᠵᠤ᠂ ᠲᠠᠰᠤᠷᠠᠯᠲᠠ ᠥᠬᠡᠶ ᠳᠡᠭᠡᠭᠰᠢᠯᠡᠭᠦᠯᠬᠦ ᠶᠠᠪᠤᠴᠠ ᠳᠤ ᠴᠡᠭᠴᠡᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠵᠤ ᠪᠠᠶᠢᠨ᠎ᠠ︾᠃ ᠭᠡᠵᠦ ᠤᠯᠠᠭᠠᠨᠬᠤᠲᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠼᠦᠢ ᠶᠦᠩ ᠵᠧ ᠢᠯᠡᠳᠬᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号