ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ︽ᠬᠠᠤᠯᠢ ᠪᠠᠷ ᠵᠠᠰᠠᠬᠤ ᠠᠩᠬᠠᠨ ᠤ ᠬᠢᠴᠢᠶᠡᠯ ︾ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/22
   ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠬᠠᠤᠯᠢ ᠴᠠᠭᠠᠵᠠ ᠶᠢᠨ ᠤᠬᠠᠮᠰᠠᠷ ᠲᠠᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠶᠢᠨ ᠲᠥᠯᠥᠭᠡ᠂ ᠤᠢᠢᠷ᠎ᠠ ᠳᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ︽ᠬᠠᠤᠯᠢᠵᠢᠯ ᠤᠨ ᠠᠩᠬᠠᠨ ᠤ ᠬᠢᠴᠢᠶᠡᠯ︾ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠡᠢ᠃    ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠬᠠᠮᠲᠤᠷᠠᠨ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠤᠯᠢ ᠪᠠᠷ ᠵᠠᠰᠠᠬᠤ ᠳᠡᠳ᠋ ᠵᠠᠬᠢᠷᠤᠯ ︽ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ︾ ᠪᠠᠷ ᠭᠤᠤᠯ ᠰᠡᠳᠦᠪ ᠪᠣᠯᠭᠠᠵᠤ᠂ ︽ᠰᠤᠷᠭᠠᠭᠤᠯᠢ ᠡᠬᠢᠯᠡᠬᠦ ᠬᠠᠤᠯᠢ ᠪᠠᠷ ᠵᠠᠰᠠᠬᠤ ᠠᠩᠬᠠᠨ ᠤ ᠬᠢᠴᠢᠶᠡᠯ︾ ᠪᠠ ᠵᠠᠬᠢᠷᠤᠨ ᠬᠠᠮᠢᠶᠠᠷᠬᠤ ᠬᠢᠲᠤᠭ᠎ᠠ ᠪᠠᠭᠠᠵᠢ ᠶᠢ ᠵᠢᠭᠰᠠᠭᠠᠨ ᠪᠠᠶᠢᠴᠠᠭᠠᠬᠤ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠠᠤᠯᠢ ᠪᠠᠷ ᠵᠠᠰᠠᠬᠤ ᠳᠡᠳ᠋ ᠵᠠᠬᠢᠷᠤᠯ ᠨᠠᠷ ᠳᠣᠲᠣᠨᠣ ᠪᠣᠷᠣᠭᠵᠢᠭᠤᠨ ᠦᠭᠡ ᠬᠡᠯᠡ ᠪᠠ ᠪᠣᠳᠠᠲᠠᠶ ᠠᠮᠢᠳᠤᠯᠢᠭ ᠨᠡᠶᠢᠲᠡᠯᠢᠭ ᠬᠡᠷᠡᠭ ᠤᠨ ᠵᠢᠱᠢᠶ᠎ᠡ ᠪᠠᠷ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠤᠯᠢ ᠪᠠᠷ ᠬᠡᠷᠡᠭ ᠤᠴᠢᠷ ᠢ ᠦᠨᠡᠯᠡᠵᠦ᠂ ᠲᠣᠰ ᠲᠣᠰ ᠬᠠᠤᠯᠢ ᠴᠠᠭᠠᠵᠠ ᠬᠠᠤᠯᠢ ᠲᠣᠭᠲᠠᠭᠠᠯ᠂ ᠬᠠᠤᠯᠢ ᠶᠢ ᠵᠥᠷᠢᠴᠡᠭᠰᠡᠨ  ᠦᠢᠯᠡ ᠠᠵᠢᠯᠯᠠᠭ᠎ᠠ᠂ ᠶᠠᠯ᠎ᠠ ᠬᠢᠭᠰᠡᠨ ᠦᠷ᠎ᠡ ᠳ᠋ᠦᠩ ᠵᠡᠷᠭᠡ ᠪᠠᠷ ᠬᠠᠮᠲᠤ ᠰᠤᠷᠤᠭᠴᠢᠳ ᠲᠠᠢ ᠪᠠᠨ ᠰᠠᠨᠠᠯ ᠢᠶᠠᠨ ᠰᠣᠯᠢᠯᠴᠠᠵᠤ᠂ ᠰᠤᠷᠤᠭᠴᠢᠳ ᠤᠨ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠪᠠ᠃    ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠰᠤᠷᠤᠭᠴᠢᠳ ᠤᠨ ᠵᠠᠬᠢᠷᠤᠨ ᠬᠠᠮᠢᠶᠠᠷᠬᠤ ᠬᠢᠲᠤᠭ᠎ᠠ ᠪᠠᠭᠠᠵᠢ ᠵᠡᠷᠭᠡ ᠠᠶᠤᠯᠲᠠᠶ ᠪᠣᠳᠠᠰ ᠠᠪᠴᠤ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠬᠤᠷᠢᠭᠯᠠᠬᠤ ᠶᠢᠨ ᠲᠥᠯᠥᠭᠡ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠶ ᠬᠠᠷᠢᠭᠤᠴᠠᠬᠤ ᠬᠥᠮᠦᠰ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠲᠠᠢ ᠬᠠᠮᠲᠤ ᠪᠠᠷ ᠡᠯ᠎ᠡ ᠠᠩᠭᠢ ᠪᠠ ᠪᠠᠶᠢᠷᠢ ᠳᠤ ᠭᠦᠨᠵᠡᠭᠡᠶᠢᠷᠡᠨ᠂ ᠵᠠᠬᠢᠷᠤᠨ ᠬᠠᠮᠢᠶᠠᠷᠬᠤ ᠬᠢᠲᠤᠭ᠎ᠠ ᠪᠠᠭᠠᠵᠢ ᠶᠢᠨ ᠶᠡᠭᠡ ᠪᠠᠶᠢᠴᠠᠭᠠᠯᠲᠠ ᠬᠢᠵᠡᠶ᠃    ᠲᠣᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠨᠢ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠲᠦᠮᠵᠢᠲᠡᠶ ᠪᠠᠷ ᠴᠢᠩᠭᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠠᠮᠤᠭᠤᠯᠠᠩ ᠣᠷᠴᠢᠨ ᠨᠥᠬᠦᠴᠡᠯ ᠢ ᠪᠣᠶ ᠪᠣᠯᠭᠠᠬᠤ ᠳᠤ ᠬᠦᠴᠦᠲᠡᠶ ᠪᠠᠲᠤᠯᠠᠭ᠎ᠠ ᠬᠠᠩᠭᠠᠵᠤ᠂ ᠬᠠᠤᠯᠢ ᠪᠠᠷ ᠵᠠᠰᠠᠬᠤ ᠠᠮᠤᠷ ᠲᠦᠪᠰᠢᠨ ᠤ ᠦᠵᠡᠯᠲᠡ ᠶᠢ ᠰᠣᠷᠣᠭᠴᠢ ᠨᠢᠭᠡᠪᠦᠷᠢ ᠶᠢᠨ ᠰᠡᠳᠬᠢᠯ ᠳᠤ ᠳᠠᠬᠢᠨᠲᠠ ᠬᠠᠳᠠᠩᠰᠢᠭᠤᠯᠤᠭᠰᠠᠨ ᠪᠠᠶᠢᠨ᠎ᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号