ᠣᠶᠢᠷ᠎ᠠ ᠶᠢᠨ ᠵᠢᠯ ᠳᠤ᠂ ᠵᠠᠯᠠᠶᠢᠳ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠵᠤ | ᠦᠢᠯᠡᠰ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ︽ᠵᠠᠯᠠᠶᠢᠳ ᠬᠤᠰᠢᠭᠤᠨ ᠤ ᠮᠢᠬᠠᠨ ᠦᠬᠡᠷ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ︾ ᠵᠡᠷᠭᠡ ᠰᠢᠷᠢᠰ ᠲᠥᠷᠥ ᠶᠢᠨ | ᠪᠣᠳᠣᠯᠭ᠎ᠠ ᠪᠤᠯᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠷᠥ ᠶᠢᠨ ᠪᠣᠳᠣᠯᠭ᠎ᠠ ᠪᠠᠷ ᠬᠥᠳᠡᠯᠭᠡᠭᠦᠷ ᠪᠣᠯᠭᠠᠬᠤ᠂ | ᠤᠬᠠᠭᠤᠯᠤᠨ ᠳᠠᠶᠢᠴᠢᠯᠠᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ ᠪᠠᠷ ᠳᠠᠮᠵᠢᠭᠤᠯᠤᠨ᠂ | ᠮᠢᠬᠠᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠵᠠᠯᠠᠶᠢᠳ | ᠬᠤᠰᠢᠭᠤ ᠶᠢ ᠴᠢᠨᠠᠷ ᠰᠠᠶᠢᠲᠠᠢ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠵᠠᠢ᠃ ᠮᠢᠬᠠᠨ ᠦᠬᠡᠷ ᠤᠨ ᠲᠤᠭ᠎ᠠ | 38 ᠲᠦᠮᠡ ᠠᠴᠠ ᠳᠡᠭᠡᠭᠰᠢ ᠳᠤ ᠬᠦᠷᠴᠦ᠂ ᠰᠠᠭᠤᠷᠢ ᠦᠨᠢᠶ᠎ᠡ ᠶᠢᠨ ᠬᠤᠪᠢ ᠶᠢᠨ ᠵᠢᠩ ᠢ 65% ᠠᠴᠠ | ᠳᠡᠭᠡᠭᠰᠢ ᠳᠤ ᠬᠦᠷᠦᠭᠦᠯᠵᠦ᠂ ᠪᠣᠷᠳᠣᠵᠤ ᠲᠠᠷᠭᠤᠯᠠᠭᠤᠯᠬᠤ ᠦᠬᠡᠷ ᠢ 2 ᠲᠦᠮᠡ ᠠᠴᠠ ᠳᠠᠪᠠᠭᠤᠯᠵᠤ᠂ ᠰᠠᠶᠢᠨ | ᠡᠭᠦᠯᠳᠡᠷ ᠤᠨ ᠨᠣᠷᠮ᠎ᠠ ᠶᠢ 60% ᠠᠴᠠ ᠳᠡᠭᠡᠭᠰᠢ ᠳᠤ ᠬᠦᠷᠭᠡᠵᠤ ᠪᠤᠢ᠃ ᠲᠥᠷᠥ ᠶᠢᠨ ᠪᠣᠳᠣᠯᠭ᠎ᠠ ᠳᠤ ᠲᠦᠰᠢᠭᠯᠡᠵᠤ | ᠦᠬᠡᠷ ᠬᠤᠳᠠᠯᠳᠤᠨ ᠠᠪᠬᠤ ᠳᠤ ᠲᠡᠮᠵᠢᠯᠭᠡ ᠦᠵᠡᠭᠦᠯᠵᠡᠢ ︽ᠡᠨᠡ ᠬᠡᠳᠦᠨ ᠵᠢᠯ ᠠᠮᠢᠳᠤᠷᠠᠯ ᠤᠯᠠᠮ ᠠᠴᠠ ᠤᠯᠠᠮ | ᠰᠠᠶᠢᠵᠢᠷᠠᠵᠤ᠂ ᠵᠠᠯᠭᠠᠭ᠎ᠠ ᠪᠠᠷ 10 ᠭᠠᠷᠤᠢ ᠰᠠᠭᠠᠯᠢ ᠶᠢᠨ ᠦᠨᠢᠶ᠎ᠡ ᠪᠠᠨ ᠬᠤᠳᠠᠯᠳᠤᠵᠤ᠂ ᠣᠳᠣ 50 ᠳᠤ ᠬᠦᠷᠴᠡᠢ᠂ | ᠡᠳᠡᠭᠡᠷ ᠨᠢ ᠴᠥᠮ ᠨᠠᠮ ᠤᠨ ᠰᠠᠶᠢᠨ ᠲᠥᠷᠥ ᠶᠢᠨ ᠪᠣᠳᠣᠯᠭ᠎ᠠ ᠳᠤ ᠲᠦᠰᠢᠭᠯᠡᠵᠦ ᠪᠠᠶᠢᠨ᠎ᠠ︾ ᠭᠡᠵᠤ ᠬᠦᠷᠡᠯ | ᠪᠠᠯᠭᠠᠰᠤᠨ ᠤ ᠹᠧᠩ ᠲᠦᠨ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠰᠢᠶᠧ ᠢᠦᠢ ᠴᠧᠩ ᠢᠲᠡᠭᠡᠮᠵᠢ ᠶᠢᠨ | ᠬᠤᠷᠰᠢᠶ᠎ᠠ ᠶᠢᠨ 10 ᠲᠦᠮᠡᠨ ᠲᠥᠭᠦᠷᠢᠭ ᠲᠡᠵᠢᠭᠡᠨ ᠦᠷᠡᠵᠢᠭᠦᠯᠬᠦ ᠵᠢᠭᠡᠯᠡᠯᠭᠡ ᠪᠠᠷ ᠦᠬᠡᠷ ᠲᠡᠵᠢᠭᠡᠬᠦ ᠬᠡᠪᠴᠢᠶ᠎ᠡ ᠪᠠᠨ | ᠥᠷᠭᠡᠳᠬᠡᠵᠦ᠂ ᠪᠠᠭ᠎ᠠ ᠲᠣᠭᠠᠨ ᠤ ᠵᠢᠭᠡᠯᠡᠯᠭᠡ ᠶᠢᠨ ᠠᠰᠢᠭ ᠢ ᠬᠦᠷᠳᠡᠪᠡ᠃ ᠲᠡᠵᠢᠭᠡᠨ ᠦᠷᠡᠵᠢᠭᠦᠯᠬᠦ ᠡᠷᠦᠬᠡ ᠶᠢᠨ | ᠦᠬᠡᠷ ᠤᠨ ᠠᠵᠤ ᠦᠢᠯᠡᠰ ᠢ ᠬᠥᠭᠵᠢᠭᠦᠯᠬᠦ ᠳᠤ ᠬᠠᠮᠤᠭ ᠤᠨ ᠶᠡᠭᠡ ᠬᠠᠷᠰᠢ ᠰᠠᠭᠠᠳ ᠪᠣᠯ ᠳᠠᠷᠤᠢ ᠪᠡᠯᠡ ᠮᠥᠩᠭᠦ | ᠳᠤᠲᠠᠭᠳᠠᠬᠤ ᠶᠠᠪᠤᠳᠠᠯ ᠪᠣᠯᠣᠨ᠎ᠠ᠃ | ᠵᠠᠯᠠᠶᠢᠳ ᠬᠤᠰᠢᠭᠤ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠳᠡᠮᠵᠢᠯᠭᠡ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠨᠥᠬᠦᠪᠦᠷᠢ᠂ ᠡᠭᠦᠯᠳᠡᠷ ᠰᠠᠶᠢᠵᠢᠷᠠᠭᠤᠯᠬᠤ ᠨᠥᠬᠦᠪᠦᠷᠢ ᠵᠡᠷᠭᠡ ᠣᠯᠠᠨ ᠵᠦᠢᠯ ᠤᠨ | ᠳᠡᠮᠵᠢᠯᠭᠡ ᠶᠢᠨ ᠠᠷᠭ᠎ᠠ ᠬᠡᠮᠵᠢᠶ᠎ᠡ ᠪᠠᠷ ᠮᠢᠠᠬᠨ ᠦᠬᠡᠷ ᠤᠨ ᠠᠵᠤ ᠦᠢᠯᠡᠰ ᠤᠨ ᠵᠢᠷᠤᠮᠵᠢᠭᠤᠨ᠂ ᠦᠷᠭᠦᠯᠵᠢᠯᠡᠭᠦ᠋ᠢᠴᠡ | ᠬᠥᠭᠵᠢᠯᠲᠡ ᠶᠢ ᠠᠬᠢᠭᠤᠯᠪᠠ᠃ ᠡᠭᠦᠨ ᠤ ᠬᠠᠮᠲᠤ ᠪᠥᠬᠦ ᠬᠤᠰᠢᠭᠤᠨ ᠤ ᠮᠢᠬᠠᠨ ᠦᠬᠡᠷ ᠤᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢᠨ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠵᠤ᠂ 2022 ᠣᠨ ᠳᠤ᠂ 6 ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠠᠴᠠ ᠮᠢᠠᠬᠨ ᠦᠬᠡᠷ | ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠬᠤᠷᠰᠢᠶ᠎ᠠ ᠪᠠ ᠲᠠᠷᠢᠶᠠᠴᠢᠨ ᠡᠷᠦᠬᠡ ᠳᠤ 7.29 ᠳ᠋ᠦᠩᠰᠢᠭᠤᠷ | ᠲᠥᠭᠦᠷᠢᠭ ᠤᠨ ᠵᠢᠭᠡᠯᠡᠯᠭᠡ ᠲᠠᠯᠪᠢᠵᠤ᠂ 45562 ᠦᠬᠡᠷ ᠬᠤᠳᠠᠯᠳᠤᠨ ᠠᠪᠴᠠᠢ᠃ ᠦᠬᠡᠷ ᠤᠨ ᠡᠭᠦᠯᠳᠡᠷ | ᠰᠠᠶᠢᠵᠢᠷᠠᠭᠤᠯᠬᠤ ᠶᠢ ᠠᠩᠬᠠᠷᠴᠣ ᠦᠬᠡᠷ ᠲᠡᠵᠢᠭᠡᠬᠦ ᠳᠤ ᠪᠠᠲᠤᠯᠠᠭ᠎ᠠ ᠬᠠᠩᠭᠠᠵᠠᠢ ᠮᠢᠬᠠᠨ ᠦᠬᠡᠷ ᠤᠨ ᠠᠵᠤ ᠦᠢᠯᠡᠰ ᠢ | ᠲᠦᠯᠬᠢᠨ ᠠᠬᠢᠭᠤᠯᠬᠤ ᠶᠠᠪᠤᠴᠠ ᠳᠤ ᠵᠠᠯᠠᠶᠢᠳ ᠬᠤᠰᠢᠭᠤ ᠲᠡᠵᠢᠭᠡᠨ ᠦᠷᠡᠵᠢᠭᠦᠯᠬᠦ ᠶᠢ ᠵᠢᠷᠤᠮᠵᠢᠭᠤᠯᠬᠤ᠂ | ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠬᠠᠮᠢᠶᠠᠷᠤᠯᠲᠠ ᠶᠢ ᠨᠠᠷᠢᠯᠢᠭᠵᠢᠭᠤᠯᠬᠤ᠂ ᠲᠠᠸᠠᠷ ᠢ ᠵᠠᠬ᠎ᠠ ᠳᠡᠯᠭᠡᠭᠦᠷᠴᠢᠯᠡᠬᠦ᠂ | ᠦᠢᠯᠡᠴᠢᠯᠡᠭᠡ ᠶᠢ ᠨᠡᠶᠢᠭᠡᠮᠴᠢᠯᠡᠬᠦ ᠶᠢ ᠢᠮᠠᠭᠲᠠ ᠪᠠᠷᠢᠮᠲᠠᠯᠠᠭᠰᠠᠭᠠᠷ ᠢᠷᠡᠵᠡᠶ᠃ ᠣᠲᠣ ᠦᠶ᠎ᠡ ᠶᠢᠨ ᠮᠠᠯ ᠠᠵᠤ | ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠡᠵᠡᠩᠨᠡᠯᠲᠡ ᠶᠢᠨ ᠤᠶᠢᠯᠠᠭᠠᠭᠳᠠᠬᠤᠨ ᠢ ᠠᠰᠢᠭᠯᠠᠬᠤ ᠪᠠᠷ | ᠳᠠᠮᠵᠢᠭᠤᠯᠤᠨ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠲᠣᠭᠠᠴᠢᠯᠠᠭᠰᠠᠨ ᠲᠣᠨᠤᠭ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠢᠬᠠᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠰᠦ ᠶᠢᠨ | ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ ᠨᠡᠮᠡᠭᠳᠡᠭᠦᠯᠵᠡᠢ᠃ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ | ᠪᠣᠯᠣᠨ ᠡᠭᠦᠯᠳᠡᠷ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠵᠤ᠂ ᠪᠠᠳᠠᠷᠠᠬᠤ ᠪᠠᠯᠭᠠᠰᠤ ᠶᠢᠨ ᠦᠨᠡᠭᠡᠨᠵᠢᠯᠠᠭᠠ | ᠮᠢᠬᠠᠨ ᠦᠬᠡᠷ ᠤᠨ ᠭᠤᠣᠯ ᠡᠭᠦᠯᠳᠡᠷ ᠪᠤᠶᠢᠵᠢᠭᠤᠯᠬᠤ ᠲᠠᠯᠠᠪᠠᠢ ᠪᠣᠯᠣᠨ ᠦᠷ᠎ᠡ ᠶᠢᠨ ᠮᠠᠯ ᠦᠷᠡᠵᠢᠭᠦᠯᠬᠦ ᠲᠥᠪ ᠤᠨ | ᠪᠠᠶᠠᠨᠬᠤᠸᠠ ᠭᠠᠴᠠᠭᠠᠨ ᠤ ᠦᠷ᠎ᠡ ᠶᠢᠨ ᠮᠠᠯ ᠦᠷᠡᠵᠢᠭᠦᠯᠬᠦ ᠭᠠᠵᠠᠷ ᠤᠨ ᠲᠥᠷᠥᠯ ᠵᠦᠢᠯ ᠳᠤ ᠪᠡᠯᠡ ᠣᠷᠣᠭᠤᠯᠤᠨ | ᠪᠦᠲᠦᠭᠡᠨ ᠪᠠᠶᠢᠭᠤᠯᠵᠠᠢ᠃ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠪᠦᠷᠢᠨᠰᠢᠭᠦᠯᠵᠦ᠂ | ᠰᠢᠮᠧᠨ᠋ᠳᠠᠷ᠂ ᠠᠩᠭᠧᠰ ᠦᠬᠡᠷ ᠢᠶᠠᠷ ᠭᠤᠣᠯᠳᠠᠯᠭ᠎ᠠ ᠪᠣᠯᠭᠠᠨ᠂ ᠣᠷᠣᠭᠤᠯᠵᠤ ᠢᠷᠡᠭᠰᠡᠨ ᠡᠭᠦᠯᠳᠡᠷ ᠤᠨ ᠦᠬᠡᠷ ᠢ | ᠣᠷᠣᠨ ᠨᠤᠲᠤᠭᠴᠢᠯᠠᠬᠤ ᠶᠢ ᠦᠷᠭᠦᠯᠵᠢᠯᠡᠨ ᠠᠬᠢᠭᠤᠯᠵᠤ᠂ ᠰᠠᠶᠢᠵᠢᠷᠠᠭᠤᠯᠬᠤ ᠦᠷᠳᠡᠭᠡ ᠶᠢ ᠴᠢᠩᠭ᠎ᠠ ᠬᠢᠨᠠᠨ | ᠬᠠᠮᠢᠶᠠᠷᠴᠠᠢ᠃ ᠬᠥᠮᠥᠨ ᠤ ᠬᠦᠴᠦ ᠪᠠᠷ ᠡᠭᠦᠯᠳᠡᠷ ᠰᠠᠶᠢᠵᠢᠷᠠᠭᠤᠯᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠰᠢᠶᠠᠩ ᠪᠠᠯᠭᠠᠰᠣ ᠭᠠᠴᠠᠭ᠎ᠠ ᠲᠣᠰᠬᠤᠨ ᠭᠤᠷᠪᠠᠨ | ᠱᠠᠲᠤᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠰᠠᠶᠢᠵᠢᠷᠠᠭᠤᠯᠬᠤ | ᠮᠡᠷᠭᠡᠵᠢᠯ ᠤᠨ ᠠᠵᠢᠯᠲᠠᠨ ᠤ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠠᠢ᠃ | ᠵᠠᠯᠠᠶᠢᠳ ᠬᠤᠰᠢᠭᠤ ᠪᠠᠰᠠ ᠦᠬᠡᠷ ᠬᠤᠨᠢᠨ ᠤ ᠠᠵᠤ ᠦᠢᠯᠡᠰ ᠤᠨ ᠦᠢᠯᠡᠴᠢᠯᠡᠭᠡᠨ ᠤ ᠲᠥᠪ ᠪᠠᠶᠢᠭᠤᠯᠵᠤ᠂ | ᠲᠤᠰᠬᠠᠢ ᠮᠡᠷᠭᠡᠵᠢᠯ ᠤᠨ ᠠᠵᠢᠯᠲᠠᠨ ᠠᠴᠠ ᠮᠠᠯᠴᠢᠨ ᠲᠠᠷᠢᠶᠠᠴᠢᠳ ᠲᠤ ᠪᠣᠯᠪᠠᠰᠤᠷᠠᠯ ᠬᠦᠷᠳᠡᠭᠡᠵᠤ᠂ ᠪᠣᠯᠪᠠᠰᠤᠷᠠᠯ | ᠭᠥᠷᠳᠡᠭᠰᠡᠳ ᠮᠢᠬᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯᠲᠡᠨ ᠤ ᠡᠩᠨᠡᠭᠡ ᠶᠢ ᠪᠦᠷᠢᠯᠳᠦᠭᠦᠯᠵᠦ᠂ ᠮᠠᠯ | ᠠᠵᠤ ᠠᠬᠤᠢ ᠶᠢᠨ ᠨᠢᠭᠡᠳᠦᠭᠡᠷ ᠹᠷᠣᠨᠲ ᠢᠶᠠᠷ ᠢᠳᠡᠪᠬᠢᠲᠡᠢ ᠠᠵᠢᠯᠯᠠᠵᠤ᠂ ᠭᠡᠷ ᠤᠨ ᠲᠡᠵᠢᠭᠡᠪᠦᠷᠢ ᠶᠢᠨ ᠰᠠᠶᠢᠨ | ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠤᠨ᠂ | ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠠᠢ᠃ ᠠᠰᠢᠭ ᠲᠤᠰᠠ ᠲᠠᠢ ᠨᠢ ᠬᠤᠯᠪᠣᠬᠳᠠᠬᠤ ᠲᠣᠭᠲᠠᠴᠠ ᠪᠠᠷ | ᠦᠬᠡᠷ ᠬᠤᠳᠠᠯᠳᠤᠬᠤ ᠠᠷᠭ᠎ᠠ ᠵᠠᠮ ᠢ ᠨᠡᠭᠡᠭᠡᠵᠡᠢ ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠠᠴᠠ ᠲᠡᠳᠬᠦᠨ | ᠳᠡᠮᠵᠢᠬᠦ᠂ ᠲᠠᠭᠠᠭᠤᠯᠤᠨ ᠳᠠᠶᠢᠴᠢᠯᠠᠬᠤ᠂ ᠮᠥᠩᠭᠦᠨ ᠭᠦᠢᠯᠭᠡᠭᠡᠨ ᠢᠶᠠᠷ ᠲᠤᠯᠭᠠᠭᠤᠷᠢᠯᠠᠬᠤ᠂ ᠲᠠᠷᠢᠶᠠᠴᠢᠨ ᠡᠷᠦᠬᠡ | ᠲᠡᠵᠢᠭᠡᠨ ᠦᠷᠡᠵᠢᠭᠦᠯᠬᠦ ︽ᠵᠠᠰᠠᠭ ᠠᠵᠤ ᠠᠬᠤᠶᠢᠯᠠᠯ ᠪᠠᠩᠬᠢ ᠳᠠᠭᠠᠳᠬᠠᠯ + ᠲᠠᠷᠢᠶᠠᠴᠢᠨ ᠡᠷᠦᠬᠡ︾ ᠶᠢᠨ ᠮᠢᠬᠠᠨ | ᠦᠬᠡᠷ ᠲᠡᠵᠢᠭᠡᠨ ᠦᠷᠡᠵᠢᠭᠦᠯᠬᠦ ᠵᠠᠭᠪᠤᠷ ᠢ ᠰᠦᠪᠡᠭᠴᠢᠯᠡᠨ ᠬᠡᠷᠡᠭᠵᠢᠭᠦᠯᠵᠡᠢ᠃ ᠡᠶᠢᠮᠦᠷᠬᠦᠦ ᠵᠠᠬᠢᠶᠠᠯᠠᠭ᠎ᠠ ᠶᠢᠨ | ᠵᠠᠭᠪᠤᠷ ᠲᠤ᠂ ᠵᠠᠯᠠᠶᠢᠳ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠠᠮᠢᠶᠠᠷᠤᠯᠲᠠ ᠶᠢᠨ | ᠲᠣᠪᠴᠢᠶ᠎ᠠ ᠠᠴᠠ ᠰᠠᠨᠠᠭᠠᠴᠢᠯᠠᠭ᠎ᠠ ᠲᠠᠢ ᠲᠡᠵᠢᠭᠡᠨ ᠦᠷᠡᠵᠢᠭᠦᠯᠬᠦ ᠡᠷᠦᠬᠡ ᠶᠢ ᠲᠠᠨᠢᠯᠴᠠᠭᠤᠯᠬᠤ ᠶᠢᠨ ᠬᠠᠮᠲᠤ ᠬᠢᠨᠠᠨ | ᠰᠢᠯᠭᠠᠵᠤ᠂ ᠺᠣᠮᠫᠠᠨᠢ ᠴᠢᠨᠠᠷ ᠰᠠᠶᠢᠲᠠᠢ ᠦᠬᠡᠷ ᠬᠠᠩᠭᠠᠨ᠂ ᠪᠠᠩᠬᠢ ᠳᠣᠣᠷ᠎ᠠ ᠬᠦᠦ ᠲᠠᠢ ᠵᠢᠭᠡᠯᠡᠯᠭᠡ ᠬᠠᠩᠭᠠᠵᠤ᠂ | ᠲᠠᠷᠢᠶᠠᠴᠢᠨ ᠡᠷᠦᠬᠡ ᠶᠢᠨ ᠦᠬᠡᠷ ᠬᠤᠳᠠᠯᠳᠤᠨ ᠠᠪᠬᠤ ᠳᠤ ᠪᠡᠯᠡ ᠮᠥᠩᠭᠦ ᠲᠠᠢ ᠪᠤᠯᠭᠠᠵᠠᠢ᠃ ᠲᠡᠵᠢᠭᠡᠨ ᠦᠷᠡᠵᠢᠭᠦᠯᠬᠦ | ᠡᠷᠦᠬᠡ ᠶᠢᠨ ᠥᠪᠡᠷ ᠤᠨ ᠥᠷᠲᠡᠭ ᠢ ᠪᠠᠭᠤᠷᠠᠭᠤᠯᠤᠨ ᠦᠬᠡᠷ ᠤᠨ ᠪᠣᠷᠤᠯᠠᠭᠤᠯᠭ᠎ᠠ ᠶᠢᠨ ᠵᠠᠮ ᠪᠠ ᠶᠠᠰᠤ ᠴᠢᠨᠠᠷ ᠢ | ᠪᠠᠳᠤᠯᠠᠵᠤ᠂ ᠮᠢᠬᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠡᠭᠦᠳᠦᠨ ᠪᠠᠶᠢᠭᠤᠯᠵᠤ᠂ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠨᠡᠭᠡᠭᠡᠪᠡ᠃ ᠲᠢᠶᠠᠨ ᠮᠦ ᠵᠧᠨ | ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠶᠠᠨᠭᠤᠣᠯ ᠲᠡᠵᠢᠭᠡᠨ | ᠦᠷᠡᠵᠢᠭᠦᠯᠬᠦ ᠪᠠᠭ᠎ᠠ ᠲᠣᠭᠤᠷᠢᠭ ᠲᠤ᠂ ᠦᠬᠡᠷ ᠨᠢᠭᠡᠪᠦᠷᠢ ᠶᠢ ᠲᠡᠵᠢᠭᠡᠨ ᠠᠷᠠᠴᠢᠯᠠᠬᠤ᠂ ᠬᠢᠵᠢᠭ ᠢ ᠰᠡᠷᠭᠡᠶᠢᠯᠡᠬᠦ᠂ | ᠪᠡᠶ᠎ᠡ ᠶᠢᠨ ᠬᠦᠨᠳᠦ ᠵᠡᠷᠭᠡ ᠶᠢᠨ ᠰᠤᠷᠠᠭ ᠵᠠᠩᠭᠢ ᠶᠢ ᠪᠥᠬᠦ ᠶᠠᠪᠤᠴᠠ ᠪᠠᠷ ᠨᠢ ᠮᠥᠷᠳᠡᠵᠦ ᠪᠣᠯᠣᠨ᠎ᠠ᠃ ᠢᠨᠳᠡᠷ | ᠪᠠᠯᠭᠠᠰᠤᠨ ᠤ ᠶᠢᠨ ᠱᠠᠨ ᠲᠣᠰᠬᠤᠨ ᠤ ᠵᠠᠩ ᠴᠤᠤ ᠮᠢᠩ ᠤᠨ ᠪᠡᠯᠡ ᠮᠥᠩᠭᠦ ᠨᠢ ᠬᠢᠵᠠᠭᠠᠷ ᠲᠠᠢ ᠪᠠᠶᠢᠵᠠᠢ᠃ 2022 | ᠣᠨ ᠤ ᠡᠬᠢ ᠪᠠᠷ᠂ ᠲᠡᠷᠡ ︽ᠵᠠᠰᠠᠭ ᠠᠵᠤ ᠠᠬᠤᠶᠢᠯᠠᠯ ᠪᠠᠩᠬᠢ ᠳᠠᠭᠠᠳᠬᠠᠯ + ᠲᠠᠷᠢᠶᠠᠴᠢᠨ ᠡᠷᠦᠬᠡ︾ ᠶᠢᠨ | ᠲᠠᠪᠴᠠᠩ ᠢ ᠠᠰᠢᠭᠯᠠᠵᠤ᠂ ᠲᠢᠶᠠᠨ ᠮᠦ ᠵᠧᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠲᠠᠢ 104 ᠦᠬᠡᠷ ᠤᠨ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠪᠠ᠃ ︽ | ᠲᠢᠶᠠᠨ ᠮᠦ ᠵᠧᠨ ᠶᠡᠷᠦᠨᠢ ᠲᠣᠭᠲᠠᠭᠰᠠᠨ ᠬᠤᠭᠤᠴᠠᠭᠠᠨ ᠳᠤ ᠮᠠᠨ ᠤ ᠦᠬᠡᠷ ᠡᠪᠡᠳᠴᠢᠨ ᠲᠠᠢ ᠡᠰᠡᠬᠦ ᠶᠢ ᠦᠵᠡᠬᠦ ᠪᠠᠷ | ᠢᠷᠡᠳᠡᠭ᠂ ᠪᠢᠳᠡ ᠡᠭᠦᠨ ᠤ ᠲᠥᠯᠥᠭᠡ ᠰᠠᠨᠠᠭ᠎ᠠ ᠵᠣᠪᠠᠭ᠋ᠤ ᠬᠡᠷᠡᠭ ᠦᠭᠡᠢ︾ ᠭᠡᠵᠤ ᠵᠠᠩ ᠴᠤᠤ ᠮᠢᠩ | ᠰᠤᠷᠪᠤᠯᠵᠢᠯᠠᠭᠴᠢ ᠳᠤ ᠬᠡᠯᠡᠪᠡ᠃ | 2022 ᠣᠨ ᠳᠤ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠪᠡᠯᠡ ᠮᠥᠩᠭᠦ ᠪᠣᠯᠣᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠪᠥᠬᠦ ᠬᠤᠰᠢᠭᠤᠨ ᠤ | 3 ᠰᠤᠮᠤ ᠰᠢᠶᠠᠩ ᠪᠠᠯᠭᠠᠰᠤ ᠶᠢᠨ 13 ᠭᠠᠴᠠᠭ᠎ᠠ ᠲᠣᠰᠬᠤᠨ ᠳᠤ ᠣᠳᠣᠬᠢᠴᠢᠯᠠᠭᠰᠠᠨ ᠮᠢᠬᠠᠨ ᠦᠬᠡᠷ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠪᠦᠰᠡ ᠶᠢ ᠲᠥᠪᠯᠡᠷᠡᠭᠦᠯᠦᠨ ᠪᠠᠶᠢᠭᠤᠯᠵᠤ᠂ 2 ᠮᠢᠬᠠᠨ ᠦᠬᠡᠷ ᠤᠨ ᠪᠠᠭ᠎ᠠ | ᠲᠣᠭᠤᠷᠢᠭ᠂ 7 ᠦᠬᠡᠷ ᠲᠡᠵᠢᠭᠡᠨ ᠦᠷᠡᠵᠢᠭᠦᠯᠬᠦ ᠲᠤᠰᠬᠠᠢ ᠲᠣᠰᠬᠤᠨ ᠵᠡᠷᠭᠡ ᠶᠢ ᠪᠦᠲᠦᠭᠡᠨ ᠪᠠᠶᠢᠭᠤᠯᠵᠠᠢ᠃ | ᠡᠭᠦᠨ ᠠᠴᠠ ᠭᠠᠳᠠᠨ᠎ᠠ᠂ ᠪᠠᠳᠠᠷᠠᠬᠤ ᠪᠠᠯᠭᠠᠰᠤ ᠶᠢᠨ ᠤᠳᠠᠳᠠᠢ ᠭᠠᠴᠠᠭ᠎ᠠ ᠪᠣᠯᠣᠨ ᠪᠤᠯᠭᠠᠨᠬᠤᠸᠠ ᠰᠤᠮᠤ ᠶᠢᠨ | ᠪᠤᠯᠭᠠᠨᠬᠤᠸᠠ ᠭᠠᠴᠠᠭ᠎ᠠ ᠳᠤ 3.5 ᠲᠦᠮᠡᠨ ᠲᠡᠭᠰᠢ ᠳᠥᠷᠪᠡᠯᠵᠢᠨ ᠮᠧᠳ᠋ᠷ ᠤᠨ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ | ᠪᠠᠶᠢᠭᠤᠯᠵᠤ᠂ ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠶᠢ 8000 ᠲᠡᠭᠰᠢ ᠳᠥᠷᠪᠡᠯᠵᠢᠨ ᠮᠧᠳ᠋ᠷ ᠪᠠᠶᠢᠭᠤᠯᠵᠤ᠂ | 1 ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠨ ᠬᠦᠬᠡ ᠪᠤᠷᠳᠤᠭ᠎ᠠ ᠶᠢᠨ ᠵᠣᠭᠤᠷᠢ ᠵᠡᠷᠭᠡ ᠶᠢ ᠪᠠᠶᠢᠭᠤᠯᠵᠤ᠂ ᠲᠡᠵᠢᠭᠡᠨ | ᠦᠷᠡᠵᠢᠭᠦᠯᠬᠦ ᠶᠢ ᠬᠡᠪᠴᠢᠶᠡᠵᠢᠭᠦᠯᠬᠦ᠂ ᠡᠪᠡᠰᠦ ᠪᠣᠷᠳᠤᠭ᠎ᠠ ᠶᠢ ᠬᠠᠳᠠᠭᠠᠯᠠᠵᠤ ᠵᠥᠭᠡᠭᠡᠪᠦᠷᠢᠯᠡᠨ ᠲᠤᠰᠬᠠᠶᠢᠵᠢᠭᠤᠯᠬᠤ ᠶᠢ | ᠪᠡᠶᠡᠯᠡᠭᠦᠯᠵᠡᠢ᠃ ᠣᠳᠣᠬᠠᠨ ᠳᠤ᠂ ᠵᠠᠯᠠᠶᠢᠳ ᠬᠤᠰᠢᠭᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ | ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠮᠢᠬᠠᠨ ᠦᠬᠡᠷ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ | ᠬᠥᠭᠵᠢᠯᠲᠡ ᠶᠢᠨ ᠰᠢᠰᠲ᠋ᠧᠮ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠮᠢᠬᠠᠨ ᠦᠬᠡᠷ ᠤᠨ ᠠᠵᠤ ᠦᠢᠯᠡᠰ ᠤᠨ | ᠥᠷᠲᠡᠭ ᠤᠨ ᠲᠣᠣᠷ ᠢ ᠲᠡᠭᠦᠯᠳᠡᠷᠵᠢᠭᠦᠯᠦᠨ᠂ ᠦᠢᠯᠡᠳᠬᠦᠨ ᠤ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ | ᠪᠦᠳᠦᠭᠡᠭᠳᠡᠭᠦᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠠᠯᠵᠢᠶ᠎ᠠ ᠶᠢ ᠲᠦᠯᠬᠢᠨ ᠠᠬᠢᠭᠤᠯᠵᠤ᠂ | ᠮᠠᠯᠴᠢᠨ ᠲᠠᠷᠢᠶᠠᠴᠢᠨ ᠤ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠵᠠᠢ᠃ | ᠪᠠᠢ ᠢᠦᠢ ᠯᠢᠶᠠᠩ ᠮᠡᠳᠡᠭᠡᠯᠡᠪᠡ | |