ᠬᠢᠩᠭᠠᠨ ᠠᠶᠢᠮᠠᠭ ᠤᠨ ᠬᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ︽ᠪᠥᠬᠦ  ᠣᠷᠣᠨ  ᠬᠡᠪᠴᠢᠶᠡᠨ ᠳᠤ ᠨᠡᠶᠢᠳᠡᠮ  ᠭᠦᠢᠴᠡᠳᠭᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/2/23
   ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ  ᠲᠤᠭᠤᠰᠢᠯᠠᠭᠤᠯᠬᠤ ᠶᠢᠨ ᠲᠥᠯᠥᠭᠡ ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠵᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠢᠨᠲ᠋ᠤᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠳᠡᠰ ᠳᠡᠪᠰᠢᠭᠦᠯᠦᠨ ᠨᠠᠷᠢᠯᠢᠬᠵᠢᠭᠤᠯᠵᠤ᠂ 2022 ᠣᠨ ᠳᠤ᠂ ᠬᠢᠩᠭᠠᠨ ᠠᠶᠢᠮᠠᠭ ᠤᠨ ᠬᠢᠨ ︽ᠴᠠᠭ ᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ︾ ᠵᠠᠷᠴᠢᠮ ᠶᠣᠰᠣᠭᠠᠷ᠂ ᠪᠥᠬᠦ ᠠᠶᠢᠮᠠᠭ ᠤᠨ ᠨᠢᠭᠡᠳᠦᠯᠲᠡᠶ ᠪᠥᠲᠥᠭᠡᠨ ᠪᠠᠶᠢᠭᠤᠯᠤᠭᠰᠠᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠠᠪᠴᠠᠩ ᠳᠤ ᠲᠦᠰᠢᠭᠯᠡᠨ᠂ ︽ᠨᠢᠭᠡᠳᠦᠯᠲᠡᠶ ᠭᠥᠯᠢᠶᠡᠨ ᠠᠪᠬᠤ ᠪᠠᠷᠢᠮᠵᠢᠶ᠎ᠠ᠂ ᠡᠷᠬᠡ ᠣᠯᠭᠤᠭᠰᠠᠨ ᠣᠷᠣᠨ ᠪᠦᠰᠡ ᠶᠢᠨ ᠡᠷᠬᠡ ᠮᠡᠳᠡᠯ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠬᠠᠷᠢᠶ᠎ᠠ ᠭᠠᠵᠠᠷ ᠲᠤᠨᠢ ᠬᠢᠨᠠᠨ ᠬᠠᠷᠭᠤᠭᠤᠯᠬᠤ︾ ᠠᠷᠭ᠎ᠠ ᠮᠠᠶ᠋ᠢᠭ ᠢ ᠠᠪᠴᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ︽ᠪᠥᠬᠦ ᠣᠷᠣᠨ  ᠬᠡᠪᠴᠢᠶᠡᠨ ᠳᠤ   ᠨᠡᠶᠢᠳᠡᠮ  ᠭᠦᠢᠴᠡᠳᠭᠡᠬᠦ︾ ᠶᠢ ᠪᠡᠶᠡᠯᠡᠭᠦᠯᠵᠦ᠂ ᠡᠷᠬᠡᠲᠦ ᠬᠥᠮᠦᠨ ᠢ ᠳᠤᠷ᠎ᠠ ᠶᠢᠨ ᠨᠢᠭᠡ ᠬᠤᠰᠢᠭᠤ ᠰᠢᠶᠠᠨ ᠬᠤᠲᠠ ᠳᠤ ᠴᠥᠮ ᠲᠡᠭᠦᠨ ᠤ ᠠᠶᠢᠮᠠᠭ ᠤᠨ ᠳᠣᠲᠣᠷᠠᠬᠢ ᠪᠤᠰᠤᠳ ᠬᠤᠰᠢᠭᠤ ᠰᠢᠶᠠᠨ ᠬᠤᠲᠠ ᠶᠢᠨ ᠬᠡᠷ ᠬᠥᠷᠥᠩᠭᠡ ᠶᠢ ᠪᠠᠶᠢᠴᠠᠭᠠᠨ ᠯᠠᠪᠯᠠᠬᠤ ᠶᠢᠨ ᠬᠠᠮᠲᠤ ᠪᠠᠶᠢᠴᠠᠭᠠᠨ ᠯᠠᠪᠯᠠᠭᠰᠠᠨ ᠭᠡᠷᠡᠴᠢ ᠣᠯᠭᠤᠨ᠎ᠠ᠃ ᠣᠲᠣ ᠪᠣᠯᠲᠠᠯ᠎ᠠ᠂ ᠬᠢᠩᠭᠠᠨ ᠠᠶᠢᠮᠠᠭ ᠤᠨ ᠬᠢᠨ ᠨᠢᠭᠡᠨᠲᠡ 4000 ᠭᠠᠷᠤᠶ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢ  ᠭᠦᠢᠴᠡᠳᠭᠡᠭᠰᠡᠨ ᠪᠠᠶᠢᠨ᠎ᠠ᠃    ᠰᠦᠯᠵᠢᠶᠡᠨ ᠳᠡᠭᠡᠷ᠎ᠡ ︽ ᠪᠥᠬᠦ ᠣᠷᠣᠨ  ᠬᠡᠪᠴᠢᠶᠡᠨ ᠳᠤ   ᠨᠡᠶᠢᠳᠡᠮ ᠭᠦᠢᠴᠡᠳᠭᠡᠬᠦ︾ ᠲᠤᠬᠠᠶᠢᠯᠠᠭᠰᠠᠨ ᠠᠵᠢᠯ ᠤᠨ ᠬᠡᠰᠡᠭ ᠢ ᠨᠡᠮᠡᠵᠦ᠂ ᠰᠦᠯᠵᠢᠶᠡᠨ ᠭᠠᠳᠠᠨ᠎ᠠ ︽ ᠪᠥᠬᠦ ᠣᠷᠣᠨ  ᠬᠡᠪᠴᠢᠶᠡᠨ ᠳᠤ   ᠨᠡᠶᠢᠳᠡᠮ  ᠭᠦᠢᠴᠡᠳᠭᠡᠬᠦ︾ ᠲᠤᠰᠬᠠᠶ ᠴᠣᠩᠬᠤ ᠶᠢ ᠨᠡᠪᠲᠡᠷᠡᠭᠦᠯᠦᠨ᠎ᠡ᠃ ᠬᠢᠩᠭᠠᠨ ᠠᠶᠢᠮᠠᠭ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠲᠠᠪᠴᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠢᠨ ᠳᠠᠪᠠᠭᠤᠯᠢᠭ ᠢ ᠠᠰᠢᠭᠯᠠᠨ᠂ ᠣᠳᠣᠬᠠᠨ ᠳᠤ᠂ ᠬᠢᠩᠭᠠᠨ ᠠᠶᠢᠮᠠᠭ ᠤᠨ ᠵᠢᠷᠭᠤᠭᠠᠨ ᠬᠤᠰᠢᠭᠤ ᠰᠢᠶᠠᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠶᠡᠭᠡ ᠲᠢᠩᠬᠢᠮ ᠳᠤ ᠴᠥᠮ ︽ ᠪᠥᠬᠦ ᠣᠷᠣᠨ ᠬᠡᠪᠴᠢᠶᠡᠨ ᠳᠤ  ᠨᠡᠶᠢᠳᠡᠮ ᠭᠦᠢᠴᠡᠳᠭᠡᠬᠦ︾ ᠲᠤᠬᠠᠶᠢᠯᠠᠭᠰᠠᠨ ᠠᠵᠢᠯ ᠤᠨ ᠲᠤᠰᠬᠠᠶ ᠴᠣᠩᠬᠤ ᠭᠠᠷᠭᠠᠵᠤ᠂ ᠲᠤᠬᠠᠶ ᠶᠢᠨ ᠭᠠᠵᠠᠷ ᠤᠨ ᠠᠵᠢᠯᠲᠠᠨ ᠳᠠᠩᠰᠠᠯᠠᠬᠤ ᠰᠢᠰᠲ᠋ᠧᠮ ᠤᠨ ᠬᠢᠨ  ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠤ ᠳᠠᠷᠠᠭ᠎ᠠ ᠣᠨᠳᠣᠤ ᠭᠠᠵᠠᠷ ᠲᠤ ᠰᠢᠯᠵᠢᠭᠦᠯᠦᠨ ᠥᠭᠴᠦ ᠬᠢᠨᠠᠨ ᠬᠠᠷᠭᠤᠭᠤᠯᠤᠭᠤᠯᠵᠤ᠂ ᠬᠡᠷ ᠬᠥᠷᠥᠩᠭᠡ ᠶᠢᠨ ᠪᠠᠶᠢᠭ᠎ᠠ ᠭᠠᠵᠠᠷ ᠲᠤ ᠰᠢᠯᠵᠢᠭᠦᠯᠦᠨ ᠥᠭᠴᠦ ᠬᠢᠨᠠᠨ ᠬᠠᠷᠭᠤᠭᠤᠯᠬᠤ ᠶᠢᠨ ᠬᠠᠮᠲᠤ ᠡᠯᠧᠺᠲᠷᠣᠨ ᠲᠠᠮᠠᠭ᠎ᠠ ᠳᠠᠷᠤᠭᠰᠠᠨ ᠤ ᠳᠠᠷᠠᠭ᠎ᠠ ᠲᠤᠬᠠᠶ ᠶᠢᠨ ᠭᠠᠵᠠᠷ ᠤᠨ  ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠬᠥᠮᠦᠰ ᠲᠤ ᠳᠠᠮᠵᠢᠭᠤᠯᠤᠨ ᠶᠠᠪᠤᠭᠤᠯᠵᠤ᠂ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢ  ᠭᠦᠢᠴᠡᠳᠭᠡᠬᠦ ᠳᠤ ᠵᠥᠪᠬᠡᠨ 10 ᠮᠢᠨᠦ᠋ᠲ ᠬᠡᠷᠡᠭᠰᠡᠨ᠎ᠡ᠂ ᠣᠨᠳᠣᠤ ᠭᠠᠵᠠᠷ ᠲᠤ ᠭᠦᠢᠴᠡᠳᠭᠡᠬᠦ ᠳᠤ ᠲᠣᠰ ᠭᠠᠵᠠᠷ ᠤᠨ  ᠭᠦᠢᠴᠡᠳᠭᠡᠬᠦ ᠠᠴᠠ ᠢᠯᠡᠭᠦᠤ ᠴᠠᠭ ᠵᠠᠷᠤᠴᠠᠭᠤᠯᠬᠤ ᠴᠢᠬᠤᠯᠠ ᠥᠬᠡᠶ ᠶᠤᠮ᠃    ︽︿ᠪᠥᠬᠦ ᠣᠷᠣᠨ  ᠬᠡᠪᠴᠢᠶᠡᠨ ᠳᠤ   ᠨᠡᠶᠢᠳᠡᠮ ᠭᠦᠢᠴᠡᠳᠭᠡᠬᠦ﹀  ᠦᠢᠯᠡᠴᠢᠯᠡᠭᠡᠨ ᠤ ᠵᠠᠭᠪᠤᠷ ᠢ ᠡᠬᠢᠯᠡᠭᠦᠯᠦᠭᠰᠡᠨ ᠠᠴᠠ ᠨᠠᠰᠢ᠂ ᠥᠩᠭᠡᠷᠡᠭᠰᠡᠨ ᠤ ᠬᠡᠷ ᠪᠠᠶᠢᠰᠢᠩ ᠬᠤᠳᠠᠯᠳᠤᠨ ᠠᠪᠤᠭᠴᠢ ᠶᠢᠨ ᠨᠠᠰᠢ ᠴᠠᠰᠢ ᠣᠯᠠᠨ ᠭᠠᠵᠠᠷ ᠲᠤ ᠥᠯᠥ ᠬᠥᠳᠡᠯᠬᠦ ᠬᠥᠷᠥᠩᠭᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠪᠠᠷ ᠭᠤᠶᠤᠴᠢᠯᠠᠭᠰᠠᠨ ᠪᠠᠶᠢᠳᠠᠯ ᠢ ᠥᠭᠡᠷᠡᠴᠢᠯᠡᠵᠦ᠂ ᠠᠵᠢᠯ  ᠭᠦᠢᠴᠡᠳᠭᠡᠭᠴᠢ ᠶᠢᠨ ᠬᠤᠯᠠ ᠵᠠᠮ ᠤᠨ ᠰᠦᠢᠳᠭᠡᠯ ᠤᠨ ᠴᠠᠭ ᠤᠨ ᠠᠰᠠᠭᠤᠳᠠᠯ ᠢ  ᠰᠢᠢᠳᠪᠦᠷᠢᠯᠡᠭᠡᠳ᠂ ᠣᠯᠠᠨ ᠲᠦᠮᠡᠨ ᠪᠣᠯᠤᠨ ᠠᠵᠤ ᠠᠬᠤᠶᠢᠯᠠᠯ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠨᠠᠩ ᠣᠯᠠᠨ ᠬᠡᠯᠪᠡᠷᠢ ᠶᠢᠨ ︿ᠪᠥᠬᠦ ᠣᠷᠣᠨ  ᠬᠡᠪᠴᠢᠶᠡᠨ ᠳᠤ  ᠨᠡᠶᠢᠳᠡᠮ ᠭᠦᠢᠴᠡᠳᠭᠡᠬᠦ  ﹀ ᠲᠤᠬᠠᠶᠢᠯᠠᠭᠰᠠᠨ ᠠᠵᠢᠯ ᠢ ᠦᠷᠭᠦᠯᠵᠢᠯᠡᠨ ᠬᠠᠶᠢᠨ ᠰᠦᠪᠡᠭᠴᠢᠯᠡᠵᠦ᠂  ᠭᠦᠢᠴᠡᠳᠭᠡᠬᠦ ᠵᠠᠭᠪᠤᠷ ᠢ ᠲᠠᠰᠤᠷᠠᠯᠲᠠ ᠥᠬᠡᠶ ᠰᠢᠨ᠎ᠡ ᠪᠠᠷ ᠡᠭᠦᠳᠦᠨ ᠰᠢᠯᠢᠳᠡᠭᠵᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠵᠠᠪᠰᠠᠷ ᠥᠬᠡᠶ ᠵᠣᠯᠭᠠᠭᠤᠯᠤᠭᠰᠠᠨ ︿ᠪᠥᠬᠦ ᠶᠠᠪᠤᠴᠠ ᠶᠢ ᠰᠦᠯᠵᠢᠶᠡᠨ ᠳᠡᠭᠡᠷ᠎ᠡ  ᠭᠦᠢᠴᠡᠳᠭᠡᠬᠦ﹀ ᠶᠢ ᠪᠣᠶ ᠪᠣᠯᠭᠠᠵᠤ᠂ ︿ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠨᠠᠷᠠᠲᠤ ᠲᠥᠷᠥᠯ ᠲᠡᠮᠳᠡᠭᠲᠦ ᠶᠢᠨ  ᠦᠢᠯᠡᠴᠢᠯᠡᠭᠡ﹀ ᠶᠢ ᠪᠣᠶ ᠪᠣᠯᠭᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ︾ ᠭᠡᠵᠦ ᠬᠢᠩᠭᠠᠨ ᠠᠶᠢᠮᠠᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ ᠡᠷᠬᠢᠯᠡᠭᠴᠢ ᠸᠠᠩ ᠱᠦ ᠮᠢᠨ ᠬᠡᠯᠡᠵᠡᠶ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号