2 ᠰᠠᠷ᠎ᠠ ᠶᠢᠨ 21 ᠤ ᠡᠳᠦᠷ᠂ ᠭᠤᠤᠯ ᠤᠨ ᠪᠠᠶᠢᠰᠢᠩ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ᠃ ᠡᠯ᠎ᠡ ᠭᠠᠴᠠᠭᠠᠨ ᠤ ᠪᠤᠭᠤᠲᠤ ᠶᠢᠨ | ᠤᠳᠤᠷᠢᠳᠤᠯᠭ᠎ᠠ᠂ ᠭᠠᠴᠠᠭᠠᠨ ᠤ ᠱᠦᠵᠢ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠪᠥᠬᠦ | ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠴᠢᠬᠤᠯᠠᠴᠢᠯᠠᠨ ᠦᠵᠡᠬᠦ ᠪᠠᠨ ᠳᠡᠭᠡᠭᠰᠢᠯᠡᠭᠦᠯᠵᠦ᠂ ᠦᠵᠡᠯ | ᠰᠠᠨᠠᠭ᠎ᠠ ᠪᠠᠨ ᠨᠢᠭᠡᠳᠬᠡᠬᠦ ᠬᠡᠷᠡᠭᠲᠡᠢ᠃ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ | ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤᠳᠬᠠᠵᠤ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠡᠯ᠎ᠡ | ᠵᠦᠢᠯ ᠤᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ᠠᠵᠢᠯ ᠤᠨ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠡᠬᠢ ᠪᠠᠶᠠᠯᠢᠭ ᠢ ᠪᠦᠲᠦᠮᠵᠢᠲᠡᠢ | ᠨᠡᠶᠢᠳᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠷᠠᠭ ᠤᠨ ᠨᠠᠷᠢᠨ ᠲᠠᠩᠰᠠ ᠶᠢᠨ | ᠱᠠᠭᠠᠷᠳᠠᠯᠭ᠎ᠠ ᠶᠣᠰᠣᠭᠠᠷ᠂ ᠬᠤᠶᠠᠷ ᠵᠦᠢᠯ ᠤᠨ ᠨᠠᠷᠢᠨ ᠲᠠᠩᠰᠠ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠴᠠᠭ ᠲᠤᠬᠠᠢ ᠳᠤᠨᠢ ᠴᠤᠭᠯᠠᠭᠤᠯᠵᠤ ᠳᠡᠭᠡᠭᠰᠢ ᠮᠡᠳᠡᠭᠦᠯᠦᠨ᠎ᠡ᠃ ᠭᠤᠷᠪᠠ ᠳᠤ ᠤᠬᠠᠭᠤᠯᠭ᠎ᠠ ᠪᠠᠨ | ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠯ᠎ᠡ ᠭᠠᠴᠠᠭ᠎ᠠ ᠨᠤᠭᠤᠳ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠬᠠᠭᠤᠯᠭ᠎ᠠ ᠶᠢᠨ ᠠᠵᠢᠯ ᠢ ᠭᠦᠨᠵᠡᠭᠡᠢ ᠥᠷᠨᠢᠭᠦᠯᠵᠦ᠂ | ᠸᠢᠴᠠᠲ᠂ ᠠᠶᠢᠯ ᠡᠷᠦᠬᠡ ᠪᠠᠷ ᠶᠠᠪᠤᠬᠤ ᠵᠡᠷᠭᠡ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠴᠢᠬᠤᠯᠠ ᠠᠴᠢ ᠬᠤᠯᠪᠣᠭᠳᠠᠯ᠂ ᠬᠠᠷᠠᠯᠲᠠ ᠡᠭᠦᠷᠭᠡ ᠪᠠ ᠭᠤᠣᠯ | ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠥᠷᠭᠡᠨ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ | ᠂ ᠣᠯᠠᠨ ᠲᠦᠮᠡᠨ ᠢ ᠢᠳᠡᠪᠬᠢᠲᠡᠢ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ ᠭᠡᠵᠡᠢ᠃ | |