ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠵᠠᠢ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2023/2/23
    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 2 ᠰᠠᠷ᠎ᠠ ᠶᠢᠨ 21 ᠤ ᠡᠳᠦᠷ ᠬᠤᠷᠠᠯ ᠬᠤᠷᠠᠯᠳᠤᠭᠤᠯᠵᠤ ᠡᠨᠡ ᠵᠢᠯ ᠤᠨ 2 ᠰᠠᠷ᠎ᠠ ᠶᠢᠨ 26 ᠤ ᠡᠳᠦᠷ ᠠᠴᠠ 28 ᠤ ᠡᠳᠦᠷ ᠪᠤᠯᠲᠠᠯ᠎ᠠ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠠᠴᠠ ᠲᠥᠪ ᠬᠤᠷᠢᠶ᠎ᠠ ᠳᠤ ᠬᠢᠭᠰᠡᠨ ᠠᠵᠢᠯ ᠤᠨ ᠮᠡᠳᠡᠭᠦᠯᠦᠯᠲᠡ ᠶᠢ ᠶᠠᠷᠢᠯᠴᠠᠵᠠᠢ᠃    ᠬᠤᠷᠠᠯ ᠠᠴᠠ ︽ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠤᠨ ᠨᠣᠣᠷᠠᠭ ᠢ ᠶᠠᠷᠢᠯᠴᠠᠵᠤ᠂ ᠡᠨᠡ ᠤᠳᠠᠭ᠎ᠠ ᠶᠢᠨ ᠬᠤᠷᠠᠯ ᠤᠨ ᠶᠠᠷᠢᠯᠴᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ ᠲᠣᠭᠲᠠᠪᠠ᠃ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ ᠰᠢᠯᠢᠳᠡᠭᠵᠢᠭᠦᠯᠬᠦ ᠵᠣᠬᠢᠴᠠᠭᠤᠯᠬᠤ ᠥᠨᠳᠥᠷ ᠦᠷ᠎ᠡ ᠪᠦᠲᠦᠮᠵᠢᠲᠡᠢ ᠪᠠᠶᠢᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠨᠠᠮ ᠪᠠ ᠤᠯᠤᠰ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠰᠢᠰᠲ᠋ᠧᠮᠳᠦ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ ᠳᠠᠭᠢᠨ ᠴᠣᠭᠴᠠᠯᠠᠬᠤ ᠶᠢ ᠪᠡᠶᠡᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠬᠤᠪᠣᠷ ᠨᠠᠨᠳᠢᠨ ᠲᠤᠷᠰᠢᠯᠭ᠎ᠠ ᠬᠤᠷᠠᠮᠳᠤᠭᠤᠯᠤᠨ ᠥᠭᠴᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠭᠰᠡᠨ ᠨᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠠᠯᠤᠰ ᠭᠡᠳᠦ ᠶᠢᠨ ᠠᠴᠢ ᠬᠤᠯᠪᠣᠭᠳᠠᠯ ᠲᠠᠢ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠭᠦ ᠲᠠᠯ᠎ᠠ︾  ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠳᠤ ᠵᠣᠬᠢᠴᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠳᠤ ᠵᠣᠬᠢᠴᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠪᠠᠶᠢᠭᠤᠯᠤᠮᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠮᠵᠢ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠬᠤᠷᠢᠶ᠎ᠠ ᠪᠣᠯᠣᠨ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠮᠵᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷ᠂ ᠡᠷᠭᠢᠯᠲᠡ ᠬᠠᠮᠢᠶᠠᠷᠤᠯᠲᠠ ᠶᠢᠨ ᠲᠠᠯ᠎ᠠ ᠪᠠᠷ ᠨᠡᠩ ᠥᠨᠳᠥᠷ ᠦᠷ᠎ᠡ ᠪᠦᠲᠦᠮᠵᠢᠲᠡᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠠᠨᠢᠯᠴᠠᠭᠤᠯᠤᠨ ᠳᠡᠪᠰᠢᠭᠦᠯᠭᠦ ᠲᠥᠷᠥ ᠶᠢᠨ ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ ᠰᠠᠨᠠᠭᠤᠯᠭ᠎ᠠ ᠶᠢᠨ ᠵᠢᠱᠢᠭᠳᠡᠭᠰᠡᠳ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ ᠳᠤ ᠲᠠᠨᠢᠯᠴᠠᠭᠤᠯᠤᠨ ᠳᠡᠪᠰᠢᠭᠦᠯᠭᠦ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠬᠥᠮᠥᠰ ᠤᠨ ᠰᠠᠨᠠᠭᠤᠯᠭ᠎ᠠ ᠶᠢᠨ ᠵᠢᠱᠢᠭᠳᠡᠭᠰᠡᠳ ᠢ ᠶᠠᠷᠢᠯᠴᠠᠪᠠ᠃ ᠬᠤᠷᠠᠯ ᠠᠴᠠ ᠳᠡᠭᠡᠷᠡᠬᠢ ᠠᠭᠤᠯᠭ᠎ᠠ ᠶᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠥᠪᠯᠡᠭᠦ ᠵᠦᠢᠯ ᠢᠶᠠᠷ ᠲᠣᠭᠲᠠᠭᠠᠪᠠ᠃ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠦᠨ ᠬᠢᠨᠠᠨ ᠵᠦᠪᠯᠡᠭᠦᠯᠭᠦ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠣᠣᠷᠠᠭ ᠢ ᠶᠠᠷᠢᠯᠴᠠᠵᠠᠢ᠃ ᠬᠤᠷᠠᠯ ᠠᠴᠠ᠂ ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠲᠦᠢᠯ ᠤᠨ ᠴᠢᠬᠤᠯᠠ ᠨᠢᠭᠡ ᠵᠢᠯ ᠪᠣᠯᠣᠨ᠎ᠠ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠰᠥᠪ ᠢ ᠵᠢᠷᠤᠭᠯᠠᠵᠠᠢ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠳᠡᠶᠢᠯᠭᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ ᠥᠩᠭᠡᠷᠡᠭᠰᠡᠨ 5 ᠵᠢᠯ ᠪᠣᠯ ᠲᠦᠢᠯ ᠤᠨ ᠶᠡᠷᠦ ᠪᠤᠰᠤ ᠶᠢᠨ ᠪᠠᠶᠢᠵᠤ᠂ ᠪᠢᠳᠡ ᠡᠯ᠎ᠡ ᠵᠦᠢᠯ ᠤᠨ ᠬᠦᠴᠢᠷᠳᠡᠯ ᠪᠠ ᠲᠦᠭᠰᠢᠭᠦᠷᠢ ᠶᠢᠨ ᠰᠢᠯᠭᠠᠯᠲᠠ ᠶᠢ ᠪᠦᠳᠦᠮᠵᠢᠳᠡᠢ ᠠᠷᠭᠠᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠣᠯᠣᠭᠰᠠᠨ ᠪᠠᠶᠢᠨ᠎ᠠ ᠭᠡᠵᠦ ᠦᠵᠡᠪᠡ᠃ ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ  ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠳᠡᠭᠡᠭᠰᠢᠯᠡᠭᠦᠯᠵᠦ᠂ ᠳᠣᠲᠣᠭᠠᠳᠤ ᠬᠡᠷᠡᠭᠯᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠤᠶᠢᠮ᠎ᠠ ᠰᠠᠶᠢᠲᠤᠷ ᠬᠢᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠠᠵᠤ ᠠᠬᠤᠢ ᠶᠢᠨ ᠡᠷᠭᠢᠯᠲᠡ ᠶᠢᠨ ᠪᠦᠬᠦᠯᠢ ᠴᠣᠭᠴᠠ ᠪᠠᠷ ᠢᠶᠠᠨ ᠰᠠᠶᠢᠵᠢᠷᠠᠬᠤ ᠶᠢ ᠠᠬᠢᠭᠤᠯᠵᠤ᠂ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠰᠠᠶᠢᠬᠠᠨ ᠡᠭᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠯᠠᠪᠳᠠᠭᠤᠨ ᠲᠣᠭᠲᠠᠭᠤᠨ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠭᠢᠴᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠨ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠯᠡᠭᠡ ᠶᠢ ᠬᠦᠴᠦᠯᠡᠨ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ︽ᠬᠤᠶᠠᠷ ᠡᠷᠡᠰ ᠭᠤᠶᠢᠪᠢᠰᠢ ᠦᠭᠡᠢ︾ ᠶᠢ ᠦᠨᠡᠨ ᠬᠦ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠪᠠ ᠨᠡᠶᠢᠭᠡᠮ ᠤᠨ ᠦᠢᠯᠡᠰ ᠢ ᠬᠥᠭᠵᠢᠭᠦᠯᠵᠦ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号