ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ  ᠵᠢᠦ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/2/24
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ  ᠵᠢᠦ ᠪᠡᠭᠡᠵᠢᠩ ᠬᠤᠲᠠ ᠳᠤ ᠬᠦᠷᠴᠦ ᠣᠯᠠᠨ ᠤᠯᠤᠰ ᠤᠨ ᠨᠠᠶᠢᠷᠠᠮᠳᠠᠯ ᠤᠨ ᠰᠣᠯᠢᠯᠴᠠᠭᠠᠨ ᠤ ᠰᠠᠭᠤᠷᠢ ᠮᠥᠩᠭᠦᠨ ᠤ ᠨᠡᠶᠢᠭᠡᠮᠯᠢᠭ᠂ ᠨᠠᠨᠵᠢᠩ ᠤᠨ SnowValley ᠤᠰᠤᠨ ᠤ  ᠦᠢᠯᠡᠰ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠢ ᠴᠢ  ᠲᠧᠩ ᠷᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠡᠭᠡᠵᠢᠩ ᠤᠨ ᠲᠢᠶᠠᠨ ᠺᠠᠩ ᠭᠦᠸᠧ ᠺᠦᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠩᠵᠧᠦ ᠶᠢᠨ ᠲᠢᠶᠠᠨ ᠯᠦᠩ ᠡᠷᠡᠭᠦᠯ ᠮᠡᠨᠳᠦ ᠶᠢᠨ  ᠦᠢᠯᠡᠳᠭᠦᠨ ᠤ ᠬᠢᠵᠠᠭᠠᠷᠲᠤ ᠺᠣᠮᠫᠠᠨᠢ ᠪᠣᠯᠤᠨ ᠱᠧᠩ ᠢᠦᠶ ᠪᠠᠯᠠ ᠣᠷᠣᠭᠤᠯᠤᠯᠲᠠ ᠶᠢᠨ ᠪᠦᠯᠦᠭᠯᠡᠯ ᠲᠠᠢ ᠲᠣᠰ ᠲᠣᠰ ᠬᠤᠳᠠᠯᠳᠤᠭᠠᠴᠢᠨ ᠤᠷᠢᠬᠤ ᠬᠡᠯᠡᠯᠴᠡᠭᠡᠷ ᠬᠢᠵᠡᠶ᠃    ᠬᠤᠷᠠᠯ ᠳᠡᠭᠡᠷ᠎ᠡ᠂ ᠳᠤᠮᠳᠠ ᠳᠡᠭᠡᠳᠦ ᠲᠠᠰ ᠤᠨ ᠷᠠᠰᠢᠶᠠᠨ ᠤᠰᠤ ᠶᠢ ᠪᠣᠶ ᠪᠣᠯᠭᠠᠬᠤ ᠶᠢᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠣᠯᠠᠨ ᠤᠯᠤᠰ ᠤᠨ ᠬᠠᠯᠠᠭᠤᠨ ᠷᠠᠰᠢᠶᠠᠨ ᠤ ᠪᠠᠶᠠᠷ ᠢ ᠡᠷᠭᠢᠯᠡᠬᠦ᠂ ᠣᠯᠠᠨ ᠤᠯᠤᠰ ᠤᠨ ᠡᠩᠬᠡ ᠲᠠᠶᠢᠪᠤᠩ ᠡᠷᠡᠭᠦᠯ ᠮᠡᠨᠳᠦ ᠰᠤᠪᠢᠯᠠᠯᠲᠠ ᠠᠮᠠᠷᠠᠯᠲᠠ ᠶᠢᠨ ᠰᠠᠭᠤᠷᠢᠨ ᠭᠠᠵᠠᠷ ᠢ ᠪᠠᠶᠢᠭᠤᠯᠬᠤ᠂ ᠷᠠᠰᠢᠶᠠᠨ ᠤᠰᠤᠨ ᠤ ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ᠂ ᠪᠠᠶᠢᠭᠠᠯᠢ ᠶᠢᠨ ᠷᠠᠰᠢᠶᠠᠨ ᠤᠰᠤ ᠶᠢ ᠨᠡᠭᠡᠭᠡᠨ ᠠᠰᠢᠭᠯᠠᠬᠤ ᠲᠥᠷᠥᠯ ᠵᠦᠢᠯ ᠢ ᠬᠠᠮᠲᠤᠷᠠᠨ ᠪᠥᠲᠥᠭᠡᠨ ᠪᠠᠶᠢᠭᠤᠯᠬᠤ ᠲᠠᠯ᠎ᠠ ᠪᠠᠷ ᠠᠩᠬ᠎ᠠ ᠠᠯᠬᠤᠮ ᠤᠨ ᠰᠠᠨᠠᠯ ᠨᠢᠭᠡᠳᠪᠡ᠃ ᠣᠶᠢᠷ᠎ᠠ ᠶᠢᠨ ᠬᠤᠭᠤᠴᠠᠭᠠᠨ ᠳᠤ᠂ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠢᠨ ᠪᠦᠯᠬᠦᠮ ᠵᠣᠬᠢᠶᠠᠨ ᠪᠠᠶᠢᠭᠤᠯᠵᠤ ᠷᠠᠰᠢᠶᠠᠨ ᠳᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠵᠣᠯᠭᠠᠭᠤᠯᠬᠤ ᠪᠣᠯᠤᠨ᠎ᠠ᠃ ᠷᠠᠰᠢᠶᠠᠨ ᠬᠤᠳᠠ ᠶᠢᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠰᠤᠨ ᠭᠠᠷᠤᠯᠲᠠ ᠶᠢᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠰᠢᠨ᠎ᠡ ᠶᠢ ᠡᠭᠦᠳᠬᠦ ᠰᠢᠪᠲᠤᠯᠤᠯᠲᠠ ᠶᠢ ᠡᠷᠢᠯᠬᠢᠯᠡᠵᠦ᠂ ᠷᠠᠰᠢᠶᠠᠨ ᠤᠰᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号