ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠬᠤᠩ ᠰᠢᠶᠠ ᠠᠶᠢᠮᠠᠭ ᠬᠤᠲᠠ ᠶᠢᠨ ᠬᠡᠪᠴᠢᠶᠡᠨ ᠳᠠᠬᠢ ᠵᠢᠷᠭᠤᠳᠤᠭᠠᠷ ᠰᠢᠮᠳᠠᠭᠤᠯᠤᠨ ᠵᠢᠯᠤᠭᠤᠳᠬᠤ ᠳᠤᠭᠤᠶᠢᠯᠠᠩ ᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠵᠤ ᠰᠢᠮᠳᠠᠭᠤᠯᠤᠨ ᠵᠢᠯᠤᠭᠤᠳᠬᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/2/24
    2 ᠰᠠᠷ᠎ᠠ ᠶᠢᠨ 22 ᠤᠨ ᠡᠳᠦᠷ᠂ ᠠᠶᠢᠮᠠᠭ ᠤᠨ ᠬᠤᠪᠢᠶᠠᠷᠢ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠵᠠᠩ ᠬᠤᠩ ᠰᠢᠶᠠ ᠠᠶᠢᠮᠠᠭ ᠬᠤᠲᠠ ᠶᠢᠨ ᠬᠡᠪᠴᠢᠶᠡᠨ ᠤ ᠵᠢᠷᠭᠤᠳᠤᠭᠠᠷ ᠰᠢᠮᠳᠠᠭᠤᠯᠤᠨ ᠵᠢᠯᠤᠭᠤᠳᠬᠤ ᠳᠤᠭᠤᠶᠢᠯᠠᠩ ᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠪᠠᠶᠢᠴᠠᠭᠠᠨ ᠰᠢᠮᠳᠠᠭᠤᠯᠤᠨ ᠵᠢᠯᠣᠭᠤᠳᠪᠠ᠃  ᠰᠢᠮᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠳᠠᠶᠢᠴᠢᠨᠲᠠᠯ᠎ᠠ ᠰᠤᠮᠤ ᠳᠤ ᠭᠦᠨᠵᠡᠭᠡᠶᠢᠷᠡᠵᠦ᠂ ᠶᠠᠷᠢᠯᠴᠠᠬᠤ ᠬᠤᠷᠠᠯ ᠬᠢᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠬᠡᠯᠪᠡᠷᠢ ᠪᠠᠷ ᠲᠣᠰ ᠠᠵᠢᠯ ᠢ ᠰᠢᠪᠠᠳᠠᠨ ᠵᠢᠯᠣᠭᠤᠳᠪᠠ ᠃ ᠰᠢᠮᠳᠠᠭᠤᠯᠤᠨ ᠵᠢᠯᠤᠭᠤᠳᠬᠤ ᠶᠠᠪᠤᠴᠠ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠰᠢᠮᠳᠠᠭᠤᠯᠤᠨ ᠵᠢᠯᠤᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠴᠢᠨᠠᠷ᠂ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠵᠤ᠂ ᠡᠭᠦᠳᠦᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠵᠥᠷᠢᠶ᠎ᠡ ᠬᠦᠷᠦᠯᠴᠡᠬᠦ ᠦᠭᠡᠢ ᠲᠠᠯ᠎ᠠ ᠶᠢ ᠴᠢᠩᠭ᠎ᠠ ᠠᠩᠬᠠᠷᠴᠤ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨᠴᠢ ᠣᠪᠣᠷ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠡᠭᠦᠳᠦᠨ ᠪᠠᠶᠢᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ᠂ ᠰᠢᠢᠳᠪᠦᠷᠢᠲᠦ ᠢᠯᠠᠯᠲᠠ ᠶᠢ ᠣᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃    ᠰᠢᠮᠳᠠᠭᠤᠯᠤᠨ ᠵᠢᠯᠤᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠡᠯ᠎ᠡ ᠬᠠᠮᠢᠶ᠎ᠠ ᠪᠦᠬᠦᠢ ᠨᠢᠭᠡᠴᠡ ᠶᠢᠨ  ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠠᠵᠢᠯ ᠢ ᠣᠳᠣᠬᠠᠨ ᠤ ᠭᠤᠣᠯᠳᠠᠯᠭ᠎ᠠ ᠲᠠᠢ ᠠᠵᠢᠯ ᠪᠣᠯᠭᠠᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠦᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠶᠢ ᠨᠠᠷᠢᠨ ᠬᠢᠨᠠᠮᠠᠭᠠᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠪᠠᠶᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠰᠢᠯᠭᠠᠨ ᠠᠪᠬᠤ ᠶᠢ ᠤᠭᠲᠤᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠠᠭᠠᠲᠤᠷ ᠪᠠᠶᠢᠴᠠᠭᠠᠵᠤ ᠰᠢᠮᠳᠠᠭᠤᠯᠤᠨ ᠵᠢᠯᠤᠭᠤᠳᠬᠤ ᠠᠵᠢᠯ ᠳᠤ ᠣᠷᠣᠯᠴᠠᠵᠠᠢ᠃      
 
ᠢᠷᠡᠯᠲᠡ᠄ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号