︽ᠬᠢᠩᠭᠠᠨ ᠤ ᠲᠠᠯ᠎ᠠ ᠨᠤᠲᠤᠭ ᠤᠨ ᠬᠠᠳᠬᠤᠮᠠᠯᠴᠢᠨ︾ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ  ᠦᠢᠯᠡᠴᠢᠯᠡᠭᠡᠨ ᠤ ᠨᠠᠷᠠᠲᠤ ᠲᠡᠮᠳᠡᠭ ᠤᠨ ᠣᠨᠴᠠ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2023/2/24
    2 ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠬᠢᠩᠭᠠᠨ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ ︽ᠬᠢᠩᠭᠠᠨ  ᠤ ᠲᠠᠯ᠎ᠠ ᠨᠤᠲᠤᠭ ‍ᠤᠨ‌ᠬᠠᠳᠬᠤᠮᠠᠯᠴᠢᠨ︾ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ  ᠦᠢᠯᠡᠴᠢᠯᠡᠭᠡᠨ ᠤ ᠨᠠᠷᠠᠲᠤ ᠲᠡᠮᠳᠡᠭ ᠢᠶᠠᠷ ᠦᠨᠡᠯᠡᠭᠳᠡᠪᠡ᠃    ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠭᠤᠴᠠᠭᠠᠨ ᠳᠤ᠂ ᠮᠣᠩᠭᠤᠯ ᠦᠨᠳᠦᠰᠦᠲᠡᠨ ᠤ ᠬᠠᠳᠬᠤᠮᠠᠯ ᠨᠢ ᠭᠦᠨ ᠵᠤᠵᠠᠭᠠᠨ ᠰᠣᠶᠣᠯ ᠤᠨ ᠠᠭᠤᠯᠬᠤᠨ᠂ ᠯᠠᠪᠳᠠᠭᠤᠨ ᠪᠠᠲᠤᠲᠠᠶ ᠠᠵᠤ ᠦᠢᠯᠡᠰ ᠤᠨ ᠰᠠᠭᠤᠷᠢ᠂ ᠡᠯᠪᠡᠭ ᠪᠠᠶᠠᠯᠢᠭ ᠳᠠᠶᠢᠴᠢᠯᠠᠬᠤ ᠴᠢᠳᠠᠪᠤᠷᠢ ᠪᠠᠷ ᠢᠶᠠᠨ ᠬᠥᠳᠡᠭᠡ ᠲᠣᠰᠬᠤᠨ ᠤ ᠠᠵᠤ  ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ ᠪᠦᠲᠦᠮᠵᠢᠲᠡᠶ ᠠᠴᠢᠶᠠᠯᠠᠭᠴᠢ ᠪᠣᠯᠵᠣ᠂ ᠤᠯᠠᠮᠵᠢᠯᠠᠯᠲᠤ ᠭᠠᠷ ᠤᠷᠠᠯᠠᠯ ᠤᠨ ᠤᠷ᠎ᠠ ᠮᠡᠷᠭᠡᠵᠢᠯ ᠨᠢ ᠬᠡᠪᠴᠢᠶᠡᠵᠢᠭᠰᠡᠨ᠂ ᠠᠵᠤ ᠦᠶᠢᠯᠡᠰᠵᠢᠭᠰᠡᠨ ᠡᠷᠪᠡᠬᠡᠶ ᠶᠢᠨ ᠬᠤᠪᠢᠷᠠᠯᠲᠠ ᠶᠢ ᠪᠡᠶᠡᠯᠡᠭᠦᠯᠵᠦ᠂ 2.1 ᠲᠦᠮᠡᠨ ᠮᠠᠯᠴᠢᠨ ᠲᠠᠷᠢᠶᠠᠴᠢᠨ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠠᠶ᠃    ᠬᠠᠳᠬᠤᠮᠠᠯ ᠤᠨ ᠠᠵᠤ  ᠦᠢᠯᠡᠰ ᠨᠢ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠬᠦᠴᠦᠲᠡᠶ ᠭᠠᠷᠳᠠᠴᠠ ᠪᠣᠯᠤᠭᠰᠠᠨ ᠤ ᠬᠤᠪᠢ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠳᠡᠯᠮᠦᠷᠢ  ᠦᠢᠯᠡᠴᠢᠯᠡᠭᠡᠨ ᠤ ᠨᠠᠷᠠᠲᠤ ᠲᠡᠮᠳᠡᠭᠲᠦ ᠪᠠᠷ ᠲᠦᠰᠢᠭ ᠪᠣᠯᠭᠠᠵᠤ᠂ ᠡᠯ᠎ᠡ ᠰᠤᠮᠤ ᠪᠠᠯᠭᠠᠰᠤᠨ ᠤ ᠬᠠᠳᠬᠤᠮᠠᠯ ᠤᠨ ᠠᠵᠢᠯᠲᠠᠳ ᠲᠤ  ᠰᠦᠢᠳᠭᠡᠯ ᠬᠤᠷᠢᠶᠠᠬᠤ ᠥᠬᠡᠶ ᠪᠠᠷ ᠮᠣᠩᠭᠤᠯ ᠦᠨᠳᠦᠰᠦᠲᠡᠨ ᠤ ᠬᠠᠳᠬᠤᠮᠠᠯ ᠤᠨ ᠪᠣᠯᠪᠠᠰᠤᠷᠠᠭᠤᠯᠤᠯ ᠬᠠᠩᠭᠠᠵᠤ᠂ ᠮᠠᠯᠴᠢᠨ ᠲᠠᠷᠢᠶᠠᠴᠢᠨ ᠤ ᠬᠠᠳᠬᠤᠮᠠᠯ ᠤᠨ ᠠᠵᠢᠯᠲᠠᠳ ᠲᠤ ᠬᠠᠳᠬᠤᠮᠠᠯ ᠤᠨ ᠤᠷ᠎ᠠ ᠮᠡᠷᠭᠡᠵᠢᠯ ᠢ ᠲᠦᠷᠭᠡᠨ ᠡᠵᠡᠮᠰᠢᠭᠦᠯᠵᠦ᠂ ᠬᠡᠷ ᠪᠦᠯᠢ ᠶᠢᠨ ᠠᠳᠠᠯ  ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃    ᠣᠳᠣᠬᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠤᠨ ᠠᠵᠢᠯ ᠢ ᠡᠷᠭᠢᠯᠡᠵᠦ ᠪᠠᠶᠢᠭ᠎ᠠ ᠠᠵᠢᠯᠴᠢᠨ 2.6 ᠲᠦᠮᠡ ᠪᠠᠶᠢᠵᠤ᠂ ᠳᠠᠮ ᠢᠶᠠᠷ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠳᠠᠶᠢᠴᠢᠯᠠᠨ ᠲᠤᠬᠠᠶ ᠶᠢᠨ ᠭᠠᠵᠠᠷ ᠲᠤᠨᠢ ᠣᠶᠢᠷ᠎ᠠ ᠬᠠᠪᠢ ᠳᠤᠨᠢ 8 ᠲᠦᠮᠡ ᠭᠠᠷᠤᠶ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠬᠥᠳᠡᠯᠮᠦᠷᠢ  ᠦᠢᠯᠡᠴᠢᠯᠡᠭᠡᠨ ᠤ ᠨᠠᠷᠠᠲᠤ ᠲᠡᠮᠳᠡᠭᠲᠦ ᠶᠢᠨ ᠠᠵᠤ ᠠᠬᠤᠶ ᠶᠢᠨ 5000 ᠲᠦᠮᠡᠨ ᠲᠥᠭᠦᠷᠢᠭ ᠤᠨ ᠣᠷᠣᠯᠭ᠎ᠠ ᠤᠯᠬᠤ ᠶᠢ ᠪᠡᠶᠡᠯᠡᠭᠦᠯᠵᠡᠶ᠃    ᠣᠶᠢᠷ᠎ᠠ ᠶᠢᠨ ᠵᠢᠯ ᠤᠳ ᠲᠤ᠂ ᠬᠢᠩᠭᠠᠨ ᠠᠶᠢᠮᠠᠭ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠨᠢᠭᠡ ᠪᠦᠯᠦᠭ ᠬᠤᠰᠢᠭᠤ ᠰᠢᠶᠠᠨ ᠬᠤᠲᠠ ᠶᠢᠨ ᠣᠨᠴᠠᠯᠢᠭ᠂ ᠠᠵᠢᠯ ᠲᠥᠷᠥᠯ ᠤᠨ ᠣᠨᠴᠠᠯᠢᠭ ᠪᠠ ᠤᠷ᠎ᠠ ᠮᠡᠷᠭᠡᠵᠢᠯ ᠤᠨ ᠣᠨᠴᠠᠯᠢᠭ ᠲᠠᠢ ᠵᠡᠷᠭᠡ ᠠᠵᠢᠯ ᠣᠯᠭᠤᠯᠲᠠ ᠶᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠢᠯᠡᠷᠡᠭᠦᠯᠦᠨ ᠪᠣᠶ ᠪᠣᠯᠭᠠᠵᠤ᠂ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ᠂ ᠮᠡᠳᠡᠷᠡᠮᠵᠢ ᠶᠢᠨ ᠬᠡᠮᠵᠢᠶ᠎ᠡ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠦᠭᠰᠡᠨ ᠪᠠᠶᠢᠨ᠎ᠠ᠃ ︽ᠬᠢᠩᠭᠠᠨ ᠤ ᠲᠠᠯ᠎ᠠ ᠨᠤᠲᠤᠭ ᠤᠨ ᠬᠠᠳᠬᠤᠮᠠᠯᠴᠢᠨ︾ ᠪᠣᠯ ᠡᠭᠦᠨ ᠤ ᠳᠣᠲᠣᠷᠠᠬᠢ ᠨᠡᠶᠢᠲᠡᠯᠢᠭ ᠲᠥᠯᠥᠭᠡᠯᠡᠭᠴᠢ ᠪᠣᠯᠤᠨ᠎ᠠ᠂ 2022 ᠣᠨ ᠳᠤ ᠥᠪᠡᠷᠲᠡᠭᠡᠨ ᠵᠠᠰᠠᠬᠤ ᠣᠷᠣᠨ ᠠᠴᠠ ︽ᠬᠢᠩᠭᠠᠨ ᠤ ᠲᠠᠯ᠎ᠠ ᠨᠤᠲᠤᠭ ᠤᠨ ᠬᠠᠳᠬᠤᠮᠠᠯᠴᠢᠨ︾ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠶᠡᠭᠡ ᠬᠤᠷᠠᠯ ᠳᠤ ᠰᠣᠩᠭᠤᠭᠳᠠᠨ ᠣᠷᠣᠯᠴᠠᠵᠤ᠂ ︽ᠬᠢᠩᠭᠠᠨ ᠤ ᠲᠠᠯ᠎ᠠ ᠨᠤᠲᠤᠭ ᠤᠨ ᠬᠠᠳᠬᠤᠮᠠᠯᠴᠢᠨ︾ ᠪᠠᠶ ᠵᠢᠩ  ᠶᠢᠩ ᠪᠥᠬᠦ ᠤᠯᠤᠰ ᠤᠨ ᠣᠨᠴᠠᠯᠢᠭ ᠲᠠᠢ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠣᠷᠣᠯᠠᠨ ᠥᠭᠦᠯᠡᠭᠴᠢ ᠶᠢᠨ ᠨᠡᠷᠡᠰ ᠲᠤ ᠰᠣᠩᠭᠤᠭᠳᠠᠵᠠᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号