ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠴᠡᠭ — — ᠷᠠᠰᠢᠶᠠᠨ ᠬᠤᠳᠠ ᠶᠢᠨ ᠲᠢᠶᠠᠨ ᡂᠢ ᠪᠠᠯᠭᠠᠰᠤ ᠶᠢᠨ ᠬᠠᠯᠬ᠎ᠠ ᠭᠤᠣᠯ ᠠᠮᠢ ᠠᠬᠤᠢ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2023/2/24
    ᠲᠢᠶᠠᠨ ᡂᠢ ᠪᠠᠯᠭᠠᠰᠤ ᠬᠥᠳᠡᠭᠡ ᠲᠣᠰᠬᠤᠨ ᠤ ᠵᠤᠭᠠᠴᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠤᠭᠠᠴᠠᠯ ᠤᠨ ᠦᠢᠯᠡᠰ ᠢ ᠪᠤᠵᠠᠭᠠᠶᠢᠷᠠᠭᠤᠯᠬᠤ ᠲᠠᠯ᠎ᠠ ᠪᠠᠷ ᠪᠠᠰᠠ ᠰᠢᠨ᠎ᠡ ᠢᠷᠠᠭᠤ ᠠᠯᠳᠠᠷ ᠢ ᠬᠦᠷᠳᠡᠪᠡ︕ ᠣᠶᠢᠷ᠎ᠠ ᠳᠤ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠ ᠰᠣᠶᠣᠯ ᠵᠣᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠥᠳᠡᠭᠡ ᠲᠣᠰᠬᠤᠨ ᠤ ᠵᠣᠭᠠᠴᠠᠯ ᠤᠨ ᠵᠢᠱᠢᠶ᠎ᠡ ᠦᠵᠡᠭᠦᠯᠬᠦ ᠴᠡᠭ ᠢ ᠰᠢᠯᠭᠠᠷᠠᠭᠤᠯᠤᠭᠰᠠᠨ ᠤ ᠦᠷ᠎ᠡ ᠳ᠋ᠦᠩ ᠳᠤ᠂ ᠷᠠᠰᠢᠶᠠᠨ ᠬᠤᠳᠠ ᠶᠢᠨ ᠲᠢᠶᠠᠨ ᡂᠢ ᠪᠠᠯᠭᠠᠰᠤ ᠶᠢᠨ ᠬᠠᠯᠬ᠎ᠠ ᠭᠤᠣᠯ ᠠᠮᠢ ᠠᠬᠤᠢ ᠶᠢᠨ ᠬᠦᠷᠢᠶᠡᠯᠡᠩ ᠨᠢ ᠬᠢᠩᠭᠠᠨ ᠠᠶᠢᠮᠠᠭ ᠤᠨ ︽ᠡᠮᠡᠭᠲᠡᠶᠢᠴᠣᠳ ᠤᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠴᠡᠭ︾ ᠤᠨ ᠢᠷᠠᠭᠤ ᠠᠯᠳᠠᠷ ᠢ ᠬᠦᠷᠲᠡᠵᠡᠢ᠃   ︽ᠡᠮᠡᠭᠲᠡᠶᠢᠴᠣᠳ ᠤᠨ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠴᠡᠭ︾ ᠪᠣᠯᠤᠭᠰᠠᠨ ᠬᠠᠯᠬ᠎ᠠ ᠭᠤᠣᠯ ᠠᠮᠢ ᠠᠬᠤᠢ ᠶᠢᠨ ᠬᠦᠷᠢᠶᠡᠯᠡᠩ ᠵᠢᠴᠢ ᠲᠢᠶᠠᠨ ᡂᠢ ᠪᠠᠯᠭᠠᠰᠤ ᠶᠢᠨ ᠭᠡᠷᠡᠯ ᠲᠥᠪᠯᠡᠷᠡᠭᠦᠯᠬᠦ ᠢᠯᠴᠢ ᠶᠢᠨ ᠬᠦᠯᠡᠮᠵᠢ ᠨᠢ ᠲᠢᠶᠠᠨ ᡂᠢ ᠪᠠᠯᠭᠠᠰᠤ ᠶᠢᠨ ᠨᠤᠲᠤᠭ ᠤᠨ ᠴᠢᠳᠠᠪᠤᠷᠢᠲᠠᠨ ᠢ ᠬᠦᠮᠣᠵᠢᠬᠦᠯᠬᠦ ᠲᠥᠪ ᠤᠨ ᠰᠤᠷᠭᠠᠨ ᠬᠥᠮᠦᠵᠢᠯ ᠤᠨ ᠳᠠᠳᠤᠯᠭ᠎ᠠ ᠶᠢᠨ ᠪᠣᠯᠪᠠᠰᠤᠷᠠᠯ ᠤᠨ ᠰᠠᠭᠤᠷᠢᠨ ᠤ ᠨᠢᠭᠡ ᠨᠢ ᠪᠠᠶᠢᠵᠣ᠂ ᠲᠠᠷᠢᠬᠤ ᠲᠦᠷᠦᠯ ᠵᠦᠢᠯ ᠳᠤ ᠴᠡᠴᠡᠭ ᠢᠶᠠᠷ ᠭᠤᠣᠯ ᠪᠣᠯᠭᠠᠨ᠂ ︽ᠴᠡᠴᠡᠭ᠂ ᠵᠢᠮᠢᠰ᠂ ᠨᠣᠭᠤᠭ᠎ᠠ︾ ᠭᠤᠷᠪᠠᠨ ᠤᠯᠠᠷᠢᠯ ᠳᠤ ᠡᠭᠡᠯᠵᠢᠯᠡᠨ ᠲᠠᠷᠢᠬᠤ ᠵᠠᠭᠪᠤᠷ ᠢ ᠬᠡᠷᠡᠭᠯᠡᠵᠦ ᠪᠤᠢ᠃ ᠣᠳᠣᠬᠠᠨ ᠳᠤ ᠲᠠᠷᠢᠮᠠᠯ ᠳᠤ ᠡᠯ᠎ᠡ ᠥᠩᠭᠡ ᠶᠢᠨ ᠴᠡᠴᠡᠭ 9 ᠵᠦᠢᠯ ᠤᠨ 13 ᠲᠦᠮᠡᠨ ᠰᠠᠭᠤᠷᠢ᠂ ᠨᠠᠷᠰᠣ᠂ ᠲᠠᠷᠪᠤᠰ ᠵᠡᠷᠭᠡ 10 ᠭᠠᠷᠤᠢ ᠵᠦᠢᠯ ᠤᠨ ᠨᠣᠭᠤᠭ᠎ᠠ ᠵᠢᠮᠢᠰ ᠳᠠᠷᠢᠵᠤ ᠪᠣᠢ᠃ ᠠᠮᠢ ᠠᠬᠤᠢ ᠶᠢᠨ ᠬᠦᠷᠢᠶᠡᠯᠡᠩ ᠤᠨ ᠣᠶᠢᠷᠠᠯᠴᠠᠭ᠎ᠠ ᠰᠢᠨ᠎ᠡ ᠪᠠᠷ ᠪᠠᠶᠢᠭᠤᠯᠤᠭᠰᠠᠨ ᠢᠳᠡᠭᠡᠨ ᠤ ᠮᠦᠬᠦ ᠶᠢᠨ ᠬᠦᠯᠡᠮᠵᠢ ᠳᠤ ᠬᠠᠷ᠎ᠠ ᠳᠡᠯᠳᠡᠦ ᠮᠠᠳᠣ ᠶᠢᠨ ᠨᠡᠶᠢᠲᠡ 15000 ᠰᠠᠪᠠᠭ᠎ᠠ ᠮᠦᠬᠦ ᠶᠢᠨ ᠲᠥᠷᠥᠯ ᠢ ᠪᠤᠶᠢᠵᠢᠭᠤᠯᠵᠠᠢ᠃ ᠵᠤᠭᠠᠴᠠᠯ ᠤᠨ ᠬᠥᠭᠵᠢᠶᠡᠨᠲᠦ ᠤᠯᠠᠷᠢᠯ ᠳᠤ ᠠᠮᠢ ᠠᠬᠤᠢ ᠶᠢᠨ ᠬᠦᠷᠢᠶᠡᠯᠡᠩ ᠨᠢ ᠨᠢᠭᠡ ᠴᠣᠭᠴᠠᠵᠢᠭᠰᠠᠨ ᠵᠤᠭᠠᠴᠠᠯ ᠤᠨ ᠲᠥᠪᠯᠡᠷᠡᠯ  ᠤᠨ ᠭᠠᠵᠠᠷ ᠪᠣᠯᠳᠠᠭ᠃ ᠡᠭᠦᠨ ᠠᠴᠠ ᠬᠤᠶᠢᠰᠢ᠂ ᠲᠢᠶᠠᠨ ᡂᠢ ᠪᠠᠯᠭᠠᠰᠤ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠣᠭᠤᠰᠢᠯᠠᠭᠤᠯᠵᠤ᠂ ᠬᠥᠳᠡᠭᠡ ᠲᠣᠰᠬᠤᠨ ᠤ ᠵᠤᠭᠠᠴᠠᠯ ᠤᠨ ᠬᠦᠨᠳᠦ ᠡᠭᠦᠷᠭᠡ ᠶᠢ ᠡᠭᠦᠷᠭᠡᠯᠡᠬᠦ ᠬᠠᠷᠢᠭᠤᠴᠠᠯᠭᠠᠲᠤ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠨ᠂ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠬᠥᠳᠡᠭᠡ ᠲᠣᠰᠬᠤᠨ ᠤ ᠵᠤᠭᠠᠴᠠᠯ ᠢ ᠬᠥᠭᠵᠢᠭᠦᠯᠬᠦ ᠳᠤᠮᠳᠠ ᠡᠮᠡᠭᠲᠡᠶᠢᠴᠦᠳ ᠤᠨ ᠭᠤᠸ᠎ᠠ ᠰᠠᠶᠢᠬᠠᠨ ᠢ ᠢᠯᠡᠷᠡᠭᠦᠯᠵᠦ᠂ ᠡᠮᠡᠭᠲᠡᠶᠢᠴᠦᠳ ᠤᠨ ᠤᠶᠤᠨ ᠤᠬᠠᠭᠠᠨ ᠢ ᠨᠢᠭᠲᠠᠷᠠᠭᠤᠯᠣᠨ᠂ ᠡᠮᠡᠭᠲᠡᠶᠢᠴᠦᠳ ᠤᠨ ᠬᠦᠴᠦᠨ ᠴᠢᠳᠠᠯ ᠢ ᠡᠷᠭᠦᠵᠦ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ ᠢ ᠨᠡᠮᠡᠷᠢᠯᠡᠨ᠎ᠡ᠃  
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号