— ᠮᠠᠨ ᠤ ᠠᠶᠢᠮᠠᠭ ︽ᠵᠢᠷᠭᠤᠭ᠎ᠠ ᠶᠢ ᠠᠳᠬᠤᠨ ᠭᠤᠷᠪᠠ ᠶᠢ ᠠᠬᠢᠭᠤᠯᠵᠤ ᠬᠤᠤᠰ ᠢᠶᠠᠷ ᠳᠡᠰ ᠳᠡᠪᠰᠢᠭᠦᠯᠬᠦ︾ | ᠠᠵᠢᠯᠯᠠᠭ᠎ᠠ ᠪᠠᠷ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠢᠨᠠᠷ ᠢ ᠳᠡᠭᠡᠭᠰᠢᠯᠡᠭᠦᠯᠵᠤ | ᠦᠷ᠎ᠡ ᠠᠰᠢᠭ ᠢ ᠨᠡᠮᠡᠭᠳᠡᠭᠦᠯᠵᠤ ᠪᠠᠶᠢᠭ᠎ᠠ ᠳᠤᠬᠠᠢ ᠪᠤᠳᠠᠳᠤ ᠳᠡᠮᠳᠡᠭᠯᠡᠯ | ᠰᠢᠨ᠎ᠡ ᠵᠢᠯ ᠡᠬᠢᠯᠡᠮᠡᠭᠴᠡ ᠬᠢᠩᠭᠠᠨ ᠤ ᠡᠬᠡ ᠭᠠᠵᠠᠷ ᠢᠶᠠᠷ ᠠᠮᠢᠵᠢᠷᠠᠯ ᠤᠨ ᠬᠦᠴᠦᠨ ᠪᠢᠯᠬᠠᠵᠦ᠂ ᠬᠤᠳᠠ ᠨᠢ | ᠣᠷᠣᠰᠢᠨ ᠰᠠᠭᠤᠬᠤ ᠳᠤ ᠲᠠᠭᠠᠯᠠᠮᠵᠢᠲᠠᠢ᠂ ᠬᠥᠳᠡᠭᠡ ᠲᠣᠰᠬᠤᠨ ᠨᠢ ᠴᠡᠪᠡᠷ ᠴᠡᠮᠴᠡᠭᠡᠷ ᠪᠠᠶᠢᠵᠦ᠂ ᠨᠠᠮ ᠤᠨ ᠭᠡᠰᠢᠭᠦᠨ | ᠺᠠᠳ᠋ᠷ ᠨᠢ ᠠᠶᠢᠯ ᠡᠷᠦᠬᠡ ᠪᠠᠷ ᠬᠦᠨᠵᠡᠭᠡᠶᠢᠷᠡᠨ ᠠᠷᠠᠳ ᠤᠨ ᠪᠠᠶᠢᠳᠠᠯ ᠢ ᠤᠶᠢᠯᠠᠭᠠᠵᠦ᠂ ᠰᠠᠭᠤᠭᠠᠯᠢ ᠠᠷᠠᠳ ᠨᠢ ᠵᠤᠯ | ᠵᠢᠷᠭᠠᠯᠳᠤ ᠠᠮᠢᠳᠤᠷᠠᠯ ᠡᠳ᠋ᠯᠡᠨ᠎ᠠ᠂ ᠡᠨᠡ ᠬᠦ ᠤᠯᠠᠨ ᠲᠦᠮᠡᠨ ᠤ ᠵᠤᠯ ᠵᠢᠷᠭᠠᠯ ᠤᠨ ᠵᠢᠭᠠᠯᠳᠠ ᠳᠤᠭ᠎ᠠ ᠶᠢᠨ ᠨᠡᠮᠡᠭᠳᠡᠯ ᠨᠢ | ᠨᠠᠮ ᠤᠨ ᠪᠠᠶᠢᠭᠤᠯᠤᠯᠳᠠ ᠶᠢᠨ ᠬᠦᠳᠤᠯᠤᠨ ᠳᠠᠭᠠᠭᠤᠯᠬᠤ ᠦᠢᠯᠡᠳᠤᠯ ᠠᠴᠠ ᠰᠠᠯᠵᠦ ᠴᠢᠳᠠᠰᠢ ᠦᠭᠡᠢ ᠶᠤᠮ᠃ | ᠨᠠᠮ ᠤᠨ ᠪᠠᠶᠢᠭᠤᠯᠤᠯᠲᠠ ᠶᠢᠨ ᠠᠵᠢᠯ ᠤᠨ ᠬᠦᠴᠢᠷᠳᠡᠯ ᠨᠢ ᠦᠨᠳᠦᠰᠦᠨ ᠱᠠᠲᠤᠨ ᠳᠤ ᠪᠤᠢ᠂ ᠬᠢᠯᠠᠰ ᠴᠡᠭ ᠨᠢ ᠴᠦ | ᠦᠨᠳᠦᠰᠦᠨ ᠱᠠᠲᠤᠨ ᠳᠤ ᠪᠤᠢ᠃ ᠤᠢᠢᠷ᠎ᠠ ᠶᠢᠨ ᠵᠢᠯ ᠠᠴᠠ ᠨᠠᠭᠠᠰᠢ᠂ ᠮᠠᠨ ᠤ ᠠᠶᠢᠮᠠᠭ ᠤᠨ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ︽ᠵᠢᠷᠭᠤᠭ᠎ᠠ ᠶᠢ ᠠᠳᠬᠤᠨ | ᠭᠤᠷᠪᠠ ᠶᠢ ᠠᠬᠢᠭᠤᠯᠵᠤ ᠬᠤᠤᠰ ᠢᠶᠠᠷ ᠳᠡᠰ ᠳᠠᠪᠰᠢᠬᠦᠯᠬᠦ︾ ᠰᠠᠭᠤᠷᠢ ᠶᠢ ᠪᠠᠲᠤᠳᠬᠠᠨ ᠪᠠᠬᠢᠵᠢᠭᠦᠯᠬᠦ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠤᠯᠤᠰ ᠲᠦᠷᠦ ᠪᠠᠷ ᠬᠦᠳᠦᠯᠥᠨ ᠳᠠᠭᠠᠭᠤᠯᠬᠤ᠂ ᠨᠠᠮ ᠤᠨ ᠭᠡᠰᠢᠬᠦᠨ ᠺᠠᠳ᠋ᠷ ᠤᠨ ᠡᠩᠨᠡᠭᠡ | ᠂ ᠵᠢᠷᠤᠮᠵᠢᠭᠰᠠᠨ ᠠᠵᠢᠯᠯᠠᠭ᠎ᠠ᠂ ᠬᠠᠮᠲᠤ ᠨᠡᠶᠢᠳᠡ ᠶᠢᠨ ᠠᠵᠤ ᠠᠬᠤᠢ᠂ ᠰᠠᠭᠤᠷᠢ ᠶᠢ ᠪᠠᠳᠤᠯᠠᠬᠤ᠂ ᠵᠢᠱᠢᠶ᠎ᠡ | ᠦᠵᠡᠭᠦᠯᠦᠨ ᠳᠠᠶᠢᠴᠢᠯᠠᠬᠤ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠡᠯ᠎ᠡ | ᠬᠦᠷᠢᠶ᠎ᠠ ᠴᠠᠷ᠎ᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠤᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠨᠢᠭᠲᠠᠷᠠᠯ ᠤᠨ ᠬᠦᠴᠦᠨ᠂ ᠦᠨᠳᠦᠰᠦᠨ ᠱᠠᠲᠤᠨ ᠤ ᠺᠠᠳ᠋ᠷ ᠤᠨ ᠡᠩᠨᠡᠭᠡ ᠶᠢᠨ ᠲᠠᠶᠢᠴᠢᠨ ᠬᠦᠴᠦᠨ ᠤ ᠬᠤᠣᠰ | ᠳᠡᠭᠡᠭᠰᠢᠯᠡᠯᠲᠡ ᠶᠢ ᠪᠡᠶᠡᠯᠡᠭᠦᠯᠬᠦ ᠶᠢ ᠪᠠᠲᠤᠯᠠᠬᠰᠠᠨ ᠪᠠᠶᠢᠨ᠎ᠠ᠃ ᠤᠯᠤᠰ ᠲᠦᠷᠦ ᠶᠢᠨ ᠬᠦᠳᠦᠯᠦᠨ ᠳᠠᠭᠠᠭᠤᠯᠬᠤ | ᠦᠢᠯᠡᠳᠤᠯ ᠢ ᠪᠠᠳᠠᠷᠠᠭᠤᠯᠤᠨ ︽ᠵᠠᠯᠠᠭᠤᠷ︾ ᠢ ᠪᠠᠳᠤ ᠡᠵᠡᠮᠳᠡᠪᠡ ︽ᠦᠡᠭᠭᠡᠷᠡᠭᠰᠡᠨ ᠳᠤ᠂ ᠮᠠᠨ ᠤ ᠬᠦᠳᠡᠭᠡ | ᠳᠤᠰᠬᠤᠨ ᠤ ᠬᠦᠮᠦᠰ ᠤᠷᠴᠢᠨ ᠳᠤᠭᠤᠷᠢᠨ ᠤ ᠠᠷᠢᠭᠤᠨ ᠴᠡᠪᠡᠷ ᠢ ᠳᠡᠮᠡᠢ ᠴᠤ ᠠᠩᠬᠠᠷᠳᠠᠬ ᠦᠭᠡᠢ᠂ ᠬᠤᠭ | ᠨᠤᠪᠰᠢ ᠪᠠᠨ ᠬᠦᠷᠢᠶᠡᠨ ᠭᠠᠳᠠᠨ᠎ᠠ ᠪᠤᠶᠤ ᠬᠤᠭᠤᠯᠠᠢ ᠬᠤᠳᠤᠭᠤᠷ ᠢᠶᠠᠷ ᠬᠠᠶᠠᠴᠢᠬᠠᠳᠠᠬ᠃ ᠬᠤᠵᠢᠮ ᠨᠢ ᠳᠤᠰᠬᠤᠨ ᠤ | ᠺᠠᠳ᠋ᠷ ᠪᠠ ᠳᠠᠭᠠᠭᠠᠴᠢᠯᠡᠨ ᠬᠠᠪᠰᠤᠷᠴᠦ ᠪᠠᠶᠢᠭ᠎ᠠ ᠺᠠᠳ᠋ᠷᠴᠤᠳ ᠤᠨ ᠤᠬᠠᠭᠤᠯᠭ᠎ᠠ ᠳᠠᠶᠢᠯᠤᠮᠵᠢ ᠠᠴᠠ ᠰᠠᠶ᠋ᠢ ᠬᠤᠬ | ᠨᠤᠪᠰᠢ ᠪᠠᠨ ᠳᠤᠬᠳᠠᠬᠰᠠᠨ ᠭᠠᠵᠠᠷ ᠲᠤ ᠲᠦᠷᠦᠯ ᠬᠤᠪᠢᠶᠠᠨ ᠬᠠᠶᠠᠬᠤ ᠪᠤᠯᠤᠬᠰᠠᠨ ᠪᠠᠶᠢᠨ᠎ᠠ᠃ | ᠤᠳᠤᠬᠠᠨ ᠭᠡᠷ ᠭᠠᠳᠠᠨ᠎ᠠ ᠦᠭᠡᠢ ᠴᠡᠪᠡᠷ ᠴᠡᠮᠴᠡᠭᠡᠷ ᠪᠠᠶᠢᠵᠦ᠂ ᠪᠠᠰᠠ ᠠᠶᠢᠯ ᠡᠷᠦᠭᠡ ᠪᠤᠯᠭᠠᠨ ᠤᠰᠦ ᠪᠠᠷ | ᠰᠦᠷᠴᠢᠬᠦ ᠵᠤᠷᠯᠦᠩ ᠲᠠᠢ ᠪᠤᠯᠵᠡᠢ︾ ᠭᠡᠵᠦ ᠲᠦᠴᠢᠦᠸᠠᠨ ᠰᠢᠶᠠᠨ ᠤ ᠱᠦᠢᠴᠢᠤᠸᠠᠨ ᠪᠠᠯᠭᠠᠰᠤᠨ ᠤ ᠾᠧ ᠹᠠ | ᠲᠣᠰᠬᠤᠨ ᠤ ᠰᠠᠭᠤᠭᠠᠯᠢ ᠠᠷᠠᠳ ᠱᠤ᠋ ᡁᠢ ᠭᠡᠯᠡᠨ᠎ᠠ᠃ ᠾᠧ ᠹᠠ ᠲᠣᠰᠬᠤᠨ ᠤ ᠦᠵᠡᠰᠬᠦᠯᠠᠩᠳᠦ ᠰᠠᠶᠢᠬᠠᠨ | ᠬᠤᠪᠢᠷᠠᠯᠲᠠ ᠨᠢ ᠲᠦᠴᠢᠦᠸᠠᠨ ᠰᠢᠶᠠᠨ ᠤ ᠠᠷᠠᠳ ᠤᠨ ᠠᠮᠢᠳᠤᠷᠠᠯ ᠦᠭᠡᠳᠡᠯᠡᠨ ᠮᠠᠨᠳᠤᠵᠦ᠂ ᠤᠷᠴᠢᠨ ᠳᠤᠭᠤᠷᠢᠨ | ᠰᠠᠶᠢᠵᠢᠷᠠᠬᠰᠠᠨ ᠤ ᠦᠨᠡᠨ ᠪᠣᠳᠠᠲᠠᠢ ᠵᠢᠷᠤᠭᠯᠠᠯ ᠪᠣᠯᠤᠨ᠎ᠠ᠃ 2022 ᠣᠨ ᠳᠤ᠂ ᠲᠦᠴᠢᠦᠸᠠᠨ ᠰᠢᠶᠠᠨ ᠤ ᠬᠢᠨ | ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ︽ᠵᠢᠷᠭᠤᠭᠠᠨ ᠵᠦᠢᠯ ᠤᠨ ᠢᠨᠵᠧᠨᠧᠷᠢᠩ ᠢ ᠲᠣᠰᠬᠤᠨ ᠳᠤ ᠬᠦᠷᠭᠡᠬᠦ︾ ᠠᠵᠢᠯ ᠢ ᠬᠡᠷᠡᠭᠵᠢᠭᠦᠯᠵᠦ᠂ | ᠨᠠᠮ ᠤᠨ ᠡᠭᠦᠷ ᠤᠨ ᠵᠢᠯᠤᠭᠤᠳᠤᠯᠭ᠎ᠠ ᠪᠠᠷ ᠪᠠᠲᠤᠯᠠᠭ᠎ᠠ ᠪᠤᠯᠭᠠᠨ᠂ ᠬᠥᠳᠡᠭᠡ ᠲᠣᠰᠬᠤᠨ ᠤ ᠠᠵᠤ ᠦᠢᠯᠡᠰ᠂ | ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠶᠢᠨ ᠲᠠᠪᠰᠢᠯᠳᠠ᠂ ᠪᠦᠬᠦ | ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠪᠠ᠃ ᠮᠠᠨ ᠤ ᠠᠶᠢᠮᠠᠭ ᠤᠨ ᠬᠢᠨ ᠨᠠᠮ ᠤᠨ ᠪᠠᠶᠢᠭᠤᠯᠤᠯᠲᠠ ᠶᠢ ᠴᠢᠩᠭ᠎ᠠ | ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽42 ᠵᠦᠢᠯ ᠤᠨ ᠠᠷᠭ᠎ᠠ | ᠬᠡᠮᠵᠢᠶ᠎ᠡ︾ ᠶᠢ ᠲᠣᠭᠲᠠᠭᠠᠵᠤ᠂ 850 ᠭᠠᠴᠠᠭ᠎ᠠ ᠲᠣᠰᠬᠤᠨ ︽ᠲᠠᠪᠤᠨ ᠶᠡᠭᠡ ᠬᠥᠭᠵᠢᠭᠦᠯᠦᠨ ᠮᠠᠨᠳᠤᠭᠤᠯᠬᠤ︾ | ᠡᠭᠦᠷᠭᠡ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠡᠯ᠎ᠠ ᠬᠤᠰᠢᠭᠤ ᠰᠢᠶᠠᠨ ᠬᠤᠳᠡ ᠶᠢᠨ ᠨᠠᠮ ᠤᠨ | ᠬᠤᠷᠢᠶ᠎ᠠ ᠵᠠᠰᠠᠬ ᠤᠨ ᠤᠷᠳᠤᠨ ᠢ ᠰᠢᠬᠠᠮᠳᠠᠭᠤᠯᠤᠨ ᠴᠢᠩᠭ᠎ᠠ ᠨᠠᠶᠢᠳᠠᠪᠤᠷᠢᠵᠢᠭᠤᠯᠪᠠ᠃ | ᠨᠢᠳᠤᠨᠤᠨ ᠵᠢᠯ᠂ ᠪᠦᠬᠦ ᠠᠶᠢᠮᠠᠭ ᠤᠨ 2.4 ᠲᠦᠮᠡᠨ ᠺᠠᠳ᠋ᠷ 3. 9 ᠲᠦᠮᠡᠨ ᠡᠷᠦᠬᠡ ᠣᠯᠠᠨ ᠲᠦᠮᠡᠨ ᠲᠠᠢ | ᠬᠠᠪᠰᠤᠷᠤᠨ ᠳᠠᠮᠵᠢᠬᠦ ᠬᠤᠤᠰᠯᠠᠯ ᠪᠠᠶᠢᠭᠤᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ | 3841 ᠤᠳᠠᠭ᠎ᠠ ᠥᠷᠨᠢᠭᠦᠯᠤᠨ᠂ ᠤᠯᠠᠨ ᠲᠦᠮᠡᠨ ᠤ 3131 ᠵᠤᠷᠪᠤᠰ ᠰᠠᠨᠠᠯ ᠰᠠᠨᠠᠭᠤᠯᠭ᠎ᠠ ᠶᠢ ᠬᠤᠷᠢᠶᠠᠨ ᠠᠪᠴᠤ | ᠰᠤᠨᠤᠰᠴᠦ᠂ 7.9 ᠲᠦᠮᠡᠨ ᠬᠥᠮᠦᠨ ᠢ ᠰᠤᠷᠪᠤᠯᠵᠢᠯᠠᠨ᠂ ᠤᠯᠠᠨ ᠲᠦᠮᠡᠨ ᠤ 9100 ᠭᠠᠷᠤᠶ ᠪᠣᠳᠠᠲᠠᠶ | ᠬᠦᠴᠢᠷᠳᠡᠯ ᠢ ᠬᠠᠪᠰᠤᠷᠤᠨ ᠰᠢᠢᠳᠪᠦᠷᠢᠯᠡᠵᠦ ᠥᠭᠪᠡ᠃ ᠭᠤᠤᠯᠯᠠᠬᠴᠢ ᠬᠦᠴᠦᠨ ᠢ ᠬᠦᠮᠦᠵᠢᠬᠦᠯᠵᠦ ︽ᠭᠤᠣᠯ | ᠬᠦᠴᠦᠨ ᠴᠡᠷᠢᠭ︾ ᠤᠨ ᠦᠢᠯᠡᠳᠤᠯ ᠢ ᠪᠠᠳᠠᠷᠠᠭᠤᠯᠪᠠ ︽ᠪᠢ ᠦᠷᠭᠦᠯᠵᠢᠯᠡᠨ ᠬᠢᠲᠠᠳ ᠡᠪᠡᠰᠦᠨ ᠡᠮ ᠳᠠᠷᠢᠬᠤ | ᠬᠡᠪᠴᠢᠶ᠎ᠠ ᠪᠠᠨ ᠥᠷᠭᠡᠳᠭᠡᠨ᠂ ᠲᠣᠰᠬᠤᠨ ᠤ ᠰᠤᠯᠠ ᠳᠠᠯᠪᠢᠬᠳᠠᠵᠦ ᠪᠠᠶᠢᠭ᠎ᠠ ᠭᠠᠵᠠᠷ ᠰᠢᠷᠣᠶ ᠶᠢᠨ ᠡᠬᠢ ᠪᠠᠶᠠᠯᠢᠭ ᠢ | ᠠᠮᠢᠯᠠᠭᠤᠯᠵᠤ᠂ ᠳᠤᠰᠬᠤᠨ ᠤ ᠱᠠᠳᠤᠨ ᠤ ᠨᠠᠮ ᠤᠨ ᠪᠠᠶᠢᠭᠤᠯᠤᠯᠲᠠ ᠲᠠᠢ ᠬᠠᠮᠳᠤᠷᠠᠨ ᠬᠢᠲᠠᠳ ᠡᠪᠡᠰᠦᠨ ᠡᠮ ᠳᠠᠷᠢᠬᠤ | ᠬᠤᠷᠰᠢᠶᠠᠵᠢᠯ ᠢ ᠪᠠᠶᠢᠭᠤᠯᠵᠤ᠂ ᠦᠯᠡᠭᠦᠤ ᠬᠥᠳᠡᠯᠮᠦᠷᠢ ᠬᠦᠴᠦᠨ ᠢ ᠰᠢᠩᠭᠡᠭᠡᠨ ᠠᠪᠴᠤ᠂ ᠬᠦᠰᠡᠯ ᠡᠷᠡᠮᠡᠯᠵᠡᠯ ᠲᠠᠢ | ᠲᠠᠷᠢᠶᠠᠴᠢᠨ ᠡᠷᠦᠭᠡ ᠶᠢ ᠳᠠᠶᠢᠴᠢᠯᠡᠨ ᠳᠠᠭᠠᠭᠤᠯᠵᠦ᠂ ᠨᠠᠩ ᠣᠯᠠᠨ ᠲᠣᠰᠬᠤᠨ ᠤ ᠠᠷᠠᠳ ᠲᠤ ᠠᠰᠢᠭ ᠬᠦᠷᠲᠡᠭᠡᠨ᠎ᠡ︾ | ᠭᠡᠵᠦ ᠤᠯᠠᠭᠠᠨᠬᠤᠲᠠ ᠶᠢᠨ ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠾᠧ ᠫᠢᠩ | ᠲᠣᠰᠬᠤᠨ ᠤ ︽ᠬᠥᠭᠵᠢᠯᠲᠡ ᠶᠢᠨ ᠵᠥᠪᠯᠡᠭᠴᠢ︾᠂ ᠥᠪᠥᠷ ᠮᠣᠩᠭᠤᠯ ᠤᠨ ᠪᠧᠨ ᠼᠤᠤ ᠴᠢᠶᠠᠨ ᠹᠠᠩ ᠬᠢᠲᠠᠳ | ᠡᠮ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ | ᠰᠢᠶᠤᠤ ᠮᠢᠩ ᠶᠠᠷᠢᠨ᠎ᠠ᠃ ᠸᠠᠩ ᠰᠢᠶᠤᠤ ᠮᠢᠩ᠂ ᠾᠧ ᠫᠢᠩ ᠲᠣᠰᠬᠤᠨ ᠤ ︽ᠬᠥᠭᠵᠢᠯᠲᠡ ᠶᠢᠨ ᠵᠥᠪᠯᠡᠭᠴᠢ︾ | ᠪᠣᠯᠤᠭᠰᠠᠨ ᠤ ᠬᠤᠪᠢ ᠳᠤ᠂ ᠲᠣᠰᠬᠤᠨ ᠤ ᠭᠠᠵᠠᠷ ᠵᠦᠢ ᠵᠢᠴᠢ ᠠᠭᠤᠷ ᠠᠮᠢᠰᠬᠤᠯ ᠤᠨ ᠨᠥᠬᠦᠴᠡᠯ ᠢ ᠲᠤᠬᠠᠢ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠠᠷᠢᠮᠠᠯ ᠤᠨ ᠪᠦᠲᠦᠴᠡ ᠳᠤ ᠳᠤᠬᠢᠷᠠᠭᠤᠯᠤᠯᠳᠠ ᠬᠢᠵᠦ᠂ ᠬᠢᠲᠠᠳ ᠡᠪᠡᠰᠦᠨ | ᠡᠮ ᠲᠠᠷᠢᠬᠤ ᠰᠠᠨᠠᠯ ᠢ ᠳᠤᠷᠠᠳᠤᠬᠰᠠᠨ ᠪᠠᠶᠢᠨ᠎ᠠ᠃ ᠲᠡᠷᠡ ᠳᠤᠰᠬᠤᠨ ᠤ 14 ᠲᠠᠷᠢᠶᠠᠴᠢᠨ ᠡᠷᠤᠭᠡ ᠲᠠᠢ ᠭᠡᠷ᠎ᠡ | ᠲᠣᠭᠲᠠᠨ 500 ᠭᠠᠷᠤᠢ ᠮᠦ ᠭᠠᠵᠠᠷ ᠰᠢᠷᠣᠢ ᠶᠢ ᠨᠢ ᠳᠠᠭᠠᠭᠠᠴᠢᠯᠠᠨ ᠠᠪᠴᠦ᠂ ᠬᠢᠲᠠᠳ ᠡᠪᠡᠰᠦᠨ ᠡᠮ ᠲᠠᠷᠢᠬᠰᠠᠨ | ᠪᠥᠭᠡᠳ ᠳᠡᠳᠡᠨᠡᠷ ᠲᠤ ᠠᠵᠢᠯ ᠤᠨ ᠪᠠᠶᠢᠷᠢ ᠬᠠᠩᠭᠠᠬᠰᠠᠨ ᠪᠠᠶᠢᠨ᠎ᠠ᠃ ᠡᠭᠦᠨ ᠤ ᠬᠠᠮᠲᠤ᠂ ᠲᠡᠷᠡ ᠪᠠᠰᠠ ᠳᠤᠰᠬᠤᠨ ᠤ | ᠬᠠᠮᠲᠤ ᠨᠡᠶᠢᠲᠡ ᠲᠠᠢ ᠲᠤᠮᠤ ᠬᠡᠯᠪᠡᠷᠢ ᠶᠢᠨ ᠮᠠᠰᠢᠨ ᠮᠧᠬᠠᠨᠢᠭ ᠤᠨ ᠳᠠᠭᠠᠭᠠᠴᠢᠯᠠᠯᠲᠠ ᠶᠢᠨ ᠭᠡᠷ᠎ᠡ ᠲᠣᠭᠲᠠᠭᠠᠵᠤ᠂ | ᠳᠤᠰᠬᠤᠨ ᠤ ᠬᠠᠮᠲᠤ ᠨᠡᠶᠢᠲᠡ ᠳᠤ ᠮᠠᠰᠢᠨ ᠮᠧᠬᠠᠨᠢᠭ ᠢᠶᠠᠷ ᠳᠠᠮᠵᠢᠨ ᠠᠰᠢᠭ ᠬᠤᠪᠢᠶᠠᠬᠤ ᠪᠠ ᠬᠢᠲᠠᠳ ᠡᠪᠡᠰᠦᠨ ᠡᠮ | ᠲᠠᠷᠢᠵᠦ ᠠᠰᠢᠭ ᠬᠤᠪᠢᠶᠠᠬᠤ ᠶᠢ ᠡᠳ᠋ᠯᠡᠭᠦᠯᠪᠡ᠃ | ᠮᠠᠨ ᠤ ᠠᠶᠢᠮᠠᠭ ︽ᠺᠠᠳ᠋ᠷ ᠢ ᠬᠥᠳᠡᠭᠡ ᠳᠤ ᠪᠠᠭᠤᠯᠭᠠᠬᠤ︾ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠦ᠂ | 1748 ᠨᠡᠷᠡᠰ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯ ᠤᠨ ᠳᠤᠭᠤᠶᠢᠯᠠᠩ ᠤᠨ ᠭᠡᠰᠢᠬᠦᠨ ᠢ | ᠦᠨᠳᠦᠰᠤᠨ ᠱᠠᠳᠤᠨ ᠢᠶᠠᠷ ᠬᠦᠨᠵᠡᠭᠡᠶᠢᠷᠡᠬᠦᠯᠵᠦ᠂ 167 ᠨᠡᠷᠡᠰ ︽ᠨᠤᠲᠤᠭ ᠤᠨ ᠴᠢᠳᠠᠪᠤᠷᠢᠲᠠᠨ︾ ᠢ ᠰᠣᠩᠭᠤᠨ | ᠲᠣᠮᠢᠯᠠᠵᠤ᠂ ᠬᠥᠭᠵᠢᠯᠲᠡ ᠶᠢᠨ ᠵᠥᠪᠯᠡᠭᠴᠢ ᠮᠡᠳᠦ ᠶᠢᠨ ᠲᠤᠰᠢᠶᠠᠯ ᠢ ᠬᠠᠷᠢᠭᠤᠴᠠᠭᠤᠯᠪᠠ᠃ ᠮᠦᠨ ᠴᠤ ᠬᠠᠮᠢᠶ᠎ᠠ | ᠪᠦᠬᠦᠢ ᠳᠤᠰᠬᠠᠢ ᠮᠡᠷᠭᠡᠵᠢᠯ ᠤᠨ ᠪᠠᠭᠰᠢ ᠮᠡᠷᠭᠡᠵᠢᠯᠳᠡᠨ ᠢ ᠤᠷᠢᠵᠦ᠂ ᠭᠤᠤᠯ ᠰᠡᠳᠦᠪᠲᠦ ᠪᠣᠯᠪᠠᠰᠤᠷᠠᠯ ᠢ 539 | ᠬᠤᠭᠤᠴᠠᠭ᠎ᠠ ᠥᠷᠨᠢᠭᠦᠯᠵᠦ᠂ ᠦᠨᠳᠦᠰᠦᠨ ᠱᠠᠲᠤᠨ ᠤ 29.4 ᠲᠦᠮᠡ ᠭᠠᠷᠤᠢ ᠺᠠᠳ᠋ᠷ ᠠᠵᠢᠯᠳᠡᠨ ᠳᠤ ᠪᠤᠯᠪᠠᠰᠤᠷᠠᠯ | ᠬᠦᠷᠳᠡᠭᠡᠪᠡ᠃ ᠠᠵᠢᠯᠯᠠᠭᠠᠨ ᠢ ᠲᠦᠷᠢᠮᠵᠢᠬᠦᠯᠤᠨ ᠦᠨᠳᠦᠰᠤᠨ ᠱᠠᠳᠤᠨ ᠤ ᠪᠦᠳᠦᠭᠡᠨ ᠪᠠᠶᠢᠭᠤᠯᠤᠯᠳᠠ ᠶᠢ | ᠲᠦᠷᠭᠡᠳᠭᠡᠪᠡ ︽ᠡᠯ᠎ᠡ ᠱᠠᠲᠤᠨ ᠤ ᠤᠳᠤᠷᠢᠳᠤᠯᠭ᠎ᠠ ᠵᠢᠴᠢ ᠰᠠᠶᠢᠨ ᠰᠠᠳᠬᠢᠯᠳᠥ ᠬᠥᠮᠦᠰ ᠤᠨ ᠬᠠᠪᠰᠤᠷᠤᠯᠭ᠎ᠠ ᠳᠤ | ᠲᠠᠯᠠᠷᠬᠠᠵᠤ ᠪᠠᠶᠢᠨ᠎ᠠ᠂ ᠨᠠᠮ ᠠᠴᠠ ᠪᠢᠳᠡᠨ ᠢ ᠥᠲᠡᠯᠪᠡᠯ ᠠᠰᠠᠷᠠᠮᠵᠢ ᠭᠦ᠋ᠷᠳᠡᠭᠡᠵᠥ᠂ ᠰᠠᠭᠤᠬᠤ ᠠᠴᠠ ᠤᠷᠤᠨ | ᠰᠠᠭᠤᠴᠠ ᠲᠠᠢ ᠪᠣᠯᠭᠠᠭᠰᠠᠨ ᠳᠤ ᠲᠠᠯᠠᠷᠬᠠᠵᠤ ᠪᠠᠶᠢᠨ᠎ᠠ︾ ᠭᠡᠵᠦ ᠵᠠᠯᠠᠶᠢᠳ ᠬᠤᠰᠢᠭᠤᠨ ᠤ ᠨᠠᠮ ᠤᠨ ᠬᠡᠰᠢᠭᠦᠨ ᠤᠯᠠᠨ | ᠲᠥᠮᠠᠨ ᠳᠤ ᠥᠢᠯᠠᠴᠢᠯᠠᠭᠦ ᠲᠥᠪ ᠤᠨ ᠳ᠋ᠢᠶᠠᠨ ᠯᠢ ᠨᠠᠶᠢᠬᠡᠮ ᠤᠨ ᠲᠤᠭᠤᠷᠢᠬ ᠤᠨ ᠾᠧᠥ ᠹᠦ᠋ ᠠᠨ ᠨᠠᠮ ᠵᠠᠰᠠᠬ ᠲᠤ | ᠲᠠᠯᠠᠷᠬᠠᠭᠰᠠᠨ ᠰᠡᠳᠭᠢᠯᠭᠡ ᠪᠠᠨ ᠢᠯᠡᠳᠭᠡᠨ᠎ᠠ᠃ ᠾᠧᠥ ᠹᠦ᠋ ᠠᠨ ᠨᠠᠰᠤᠲᠠᠨ ᠨᠢᠭᠡᠨᠲᠡ ᠳᠠᠯ᠎ᠠ ᠭᠠᠷᠴᠤ᠂ | ᠬᠥᠭᠰᠢᠨ ᠲᠠᠢ ᠪᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠲᠦᠰᠢᠭᠯᠡᠨ ᠠᠮᠢᠳᠤᠷᠠᠯ ᠢᠶᠠᠨ ᠠᠷᠭᠠᠴᠠᠭᠠᠵᠤ | ᠪᠤᠢ᠃ ᠳᠡᠬᠦᠨ ᠤ ᠭᠡᠷ ᠪᠠᠶᠢᠰᠢᠩ ᠨᠢ ᠤᠳᠠᠭᠠᠨ ᠵᠢᠯ ᠵᠠᠰᠠᠨ ᠰᠢᠨᠡᠳᠭᠡᠭᠰᠡᠨ ᠦᠭᠡᠢ ᠠᠴᠠ ᠡᠪᠳᠡᠷᠡᠵᠦ ᠬᠠᠭᠤᠴᠢᠷᠠᠵᠦ | ᠨᠤᠷᠠᠬᠤ ᠠᠶᠤᠯᠳᠠᠢ ᠭᠡᠷ ᠪᠠᠶᠢᠰᠢᠩ ᠪᠤᠯᠤᠬᠰᠠᠨ ᠪᠠᠶᠢᠨ᠎ᠠ᠃ ᠡᠨᠡ ᠬᠦ ᠪᠠᠶᠢᠳᠡᠯ ᠢ ᠨᠡᠶᠢᠭᠡᠮ ᠲᠣᠭᠤᠷᠢᠭ ᠤᠨ ᠨᠠᠮ ᠤᠨ | ᠡᠭᠦᠷ ᠤᠨ ᠱᠦᠵᠢ ᠰᠦᠨ ᠰᠢᠤ ᠮᠧᠶ ᠮᠡᠳᠡᠭᠰᠡᠨ ᠤ ᠳᠠᠷᠠᠭ᠎ᠠ᠂ ᠳᠠᠭᠠᠭᠠᠴᠢᠯᠠᠨ ᠬᠤᠯᠪᠤᠭᠠᠯᠠᠵᠦ ᠪᠠᠶᠢᠭ᠎ᠠ ᠪᠠᠶᠢᠭᠤᠯᠭ᠎ᠠ | ᠨᠢᠭᠡᠴᠢ᠂ ᠬᠠᠷᠢᠶᠠᠲᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ᠂ ᠬᠠᠯᠠᠭᠤᠨ ᠰᠡᠳᠬᠢᠯᠳᠦ | ᠬᠦᠮᠦᠰ ᠢ ᠳᠠᠶᠢᠴᠢᠯᠠᠨ ᠵᠣᠭᠤᠰ ᠬᠠᠨᠳᠢᠪᠯᠠᠵᠤ᠂ ᠨᠡᠶᠢᠲᠡ 2 ᠲᠦᠮᠡ ᠭᠠᠷᠤᠶ ᠲᠥᠭᠦᠷᠢᠭ ᠤᠨ ᠵᠣᠭᠤᠰ | ᠴᠤᠭᠯᠠᠭᠤᠯᠤᠭᠰᠡᠨ ᠮᠦᠷᠳᠡᠭᠡᠨ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠤᠰᠠᠯᠠᠮᠵᠢ | ᠭᠤᠶᠤᠴᠢᠯᠠᠵᠤ ᠪᠠᠶᠢᠭᠠᠳ ᠨᠠᠰᠤᠳᠠᠨ ᠳᠤ 40 ᠲᠡᠭᠰᠢ ᠳᠥᠷᠪᠡᠯᠵᠢᠨ ᠮᠧᠳ᠋ᠷ ᠤᠨ ᠪᠠᠶᠢᠰᠢᠩ ᠪᠠᠷᠢᠵᠤ ᠥᠭᠪᠡ᠃ | ᠮᠠᠨ ᠤ ᠠᠶᠢᠮᠠᠭ ᠤᠨ ᠬᠢᠨ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ︽ᠲᠠᠪᠤᠨ ᠭᠤᠷᠪᠠ︾ ᠶᠢᠨ | ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ︽ᠬᠢᠩᠭᠠᠨ ᠠᠶᠢᠮᠠᠭ ᠤᠨ ᠨᠠᠮ ᠤᠨ | ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠤᠮᠵᠢ | ︾ ᠶᠢ ᠨᠡᠶᠢᠲᠡᠯᠡᠨ᠂ 1425 ᠲᠦᠮᠡᠨ ᠲᠤᠰᠬᠠᠶ ᠵᠦᠢᠯ ᠤᠨ ᠪᠠᠯᠠ ᠮᠥᠩᠭᠦ ᠶᠢ ᠬᠤᠪᠢᠶᠠᠷᠢᠯᠠᠨ ᠪᠠᠭᠤᠯᠭᠠᠵᠦ᠂ 19 | ᠨᠤᠷᠠᠬᠤ ᠠᠶᠤᠯᠲᠠᠶ ᠡᠪᠳᠡᠷᠡᠵᠦ ᠬᠠᠭᠤᠴᠢᠷᠠᠬᠰᠠᠨ ᠭᠠᠴᠠᠭ᠎ᠠ ᠲᠣᠰᠬᠤᠨ ᠤ ᠨᠠᠮ ᠤᠨ ᠭᠡᠰᠢᠬᠦᠨ ᠤᠯᠠᠨ ᠲᠦᠮᠡᠨ ᠳᠤ | ᠦᠢᠯᠡᠴᠢᠯᠡᠬᠦ ᠲᠦᠪ ᠢ ᠵᠠᠰᠠᠨ ᠰᠠᠯᠪᠢᠪᠡ᠃ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ | ᠂ 80 ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠨ ᠶᠢ ᠡᠮᠬᠢᠯᠡᠨ | ᠪᠦᠷᠢᠯᠳᠦᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠠᠬᠢᠭᠤᠯᠪᠠ᠃ | ᠬᠠᠮᠲᠤ ᠨᠡᠶᠢᠳᠡ ᠶᠢᠨ ᠠᠵᠤ ᠠᠬᠤᠶ ᠶᠢ ᠬᠦᠭᠵᠢᠬᠦᠯᠤᠨ ᠪᠤᠵᠠᠭᠠᠶᠢᠷᠠᠭᠤᠯᠪᠠ | 2021 ᠣᠨ ᠳᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠴᠠᠷᠠᠰᠤᠨ ᠪᠠᠯᠭᠠᠰᠤᠨ ᠤ ᠬᠢᠨ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠢᠨ ᠹᠦ᠋ ᠬᠤᠤ ᠲᠦᠩ ᠳᠠᠷᠢᠵᠤ ᠲᠡᠵᠢᠭᠡᠬᠦ ᠲᠤᠰᠬᠠᠶ | ᠬᠤᠷᠰᠢᠶᠠᠵᠢᠯ ᠢ ᠪᠠᠶᠢᠭᠤᠯᠵᠤ᠂ ᠲᠣᠰᠬᠤᠨ ᠲᠠᠢ ᠬᠤᠯᠪᠣᠭᠠᠯᠠᠭᠰᠠᠨ ᠬᠤᠷᠰᠢᠶᠠᠵᠢᠯ ᠤᠨ ᠡᠵᠡᠩᠨᠡᠯᠲᠡ ᠪᠠ | ᠵᠠᠬᠢᠶᠠᠯᠠᠭ᠎ᠠ ᠶᠢᠨ ᠬᠡᠯᠪᠡᠷᠢ ᠪᠠᠷ ᠬᠤᠳᠠᠯᠳᠤᠨ ᠠᠪᠬᠤ ᠪᠠᠷ ᠡᠵᠡᠩᠨᠡᠯᠲᠡ ᠪᠠᠨ ᠡᠬᠢᠯᠡᠭᠦᠯᠪᠡ᠃ 4 ᠭᠠᠴᠠᠭᠠᠨ ᠳᠤ | ᠳᠠᠷᠢᠮᠠᠯ ᠤᠨ ᠦᠢᠯᠡᠰ ᠢ ᠬᠦᠭᠵᠢᠬᠦᠯᠵᠤ᠂ 11 ᠭᠠᠴᠠᠭ᠎ᠠ ᠳᠤ ᠴᠢᠭᠢᠭ ᠤᠨ ᠤᠯᠠᠭᠠᠨ ᠬᠤᠷᠣᠬᠠᠶ ᠶᠢ ᠲᠡᠵᠢᠭᠡᠨ | ᠦᠷᠡᠵᠢᠭᠦᠯᠬᠦ ᠠᠵᠢᠯ ᠢ ᠬᠠᠮᠲᠤᠷᠠᠨ ᠥᠷᠨᠢᠭᠦᠯᠵᠦ᠂ ᠪᠥᠬᠦ ᠪᠠᠯᠭᠠᠰᠤ ᠶᠢᠨ 15 ᠭᠠᠴᠠᠭ᠎ᠠ ᠶᠢ ᠨᠢᠭᠡ | ᠴᠤᠭᠴᠠᠵᠢᠭᠤᠯᠤᠭᠰᠠᠨ ᠪᠠᠯᠭᠠᠰᠤ ᠪᠤᠯᠤᠨ ᠭᠠᠴᠠᠭ᠎ᠠ ᠳᠤᠰᠬᠤᠨ ᠬᠤᠯᠪᠣᠭᠠᠯᠠᠭᠰᠠᠨ ᠬᠠᠮᠲᠤ ᠨᠡᠶᠢᠳᠡ ᠶᠢᠨ ᠠᠵᠤ | ᠠᠬᠤᠶ ᠶᠢᠨ ᠬᠥᠭᠵᠢᠯᠲᠡ ᠶᠢᠨ ᠵᠠᠭᠪᠤᠷ ᠢ ᠪᠣᠶ ᠪᠣᠯᠭᠠᠪᠠ᠃ ᠡᠨᠡ ᠨᠢ ᠲᠣᠰᠬᠤᠨ ᠤ ᠬᠠᠮᠲᠤ ᠨᠡᠶᠢᠳᠡ ᠶᠢᠨ ᠠᠵᠤ | ᠠᠬᠤᠢ ᠶᠢ ᠬᠥᠭᠵᠢᠭᠦᠯᠦᠭᠰᠡᠨ ᠢᠶᠠᠷ ᠪᠠᠷᠠᠬᠤ ᠦᠭᠡᠢ ᠲᠣᠰᠬᠤᠨ ᠤ ᠠᠷᠠᠳ ᠲᠤ ᠠᠵᠢᠯ ᠤᠯᠭᠤᠨ ᠣᠷᠣᠯᠭ᠎ᠠ ᠪᠠᠨ | ᠨᠡᠮᠡᠭᠳᠡᠭᠦᠯᠬᠦ ᠠᠵᠠ ᠲᠣᠬᠢᠶᠠᠯ ᠣᠯᠭᠤᠵᠠᠢ᠃ ᠮᠠᠨ ᠤ ᠠᠶᠢᠮᠠᠭ ᠤᠨ ᠬᠢᠨ ᠭᠠᠴᠠᠭ᠎ᠠ ᠲᠣᠰᠬᠤᠨ ᠤ ᠬᠠᠮᠲᠤ | ᠨᠡᠶᠢᠳᠡ ᠶᠢᠨ ᠠᠵᠤ ᠠᠬᠤᠶ ᠶᠢᠨ ︽ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠭᠠᠴᠠᠭ᠎ᠠ ᠲᠣᠰᠬᠤᠨ ᠬᠤᠯᠪᠣᠭᠠᠯᠠᠬᠤ︾ ᠵᠠᠭᠪᠤᠷ ᠢ ᠬᠡᠷᠡᠭᠵᠢᠭᠦᠯᠦᠨ᠂ | ᠭᠠᠴᠠᠭ᠎ᠠ ᠲᠣᠰᠬᠤᠨ ᠤ ᠬᠠᠮᠲᠤ ᠨᠡᠶᠢᠳᠡ ᠶᠢᠨ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ | ᠪᠥᠬᠦ ᠠᠶᠢᠮᠠᠭ ᠤᠨ 850 ᠭᠠᠴᠠᠭ᠎ᠠ ᠲᠣᠰᠬᠤᠨ ᠤ ᠬᠠᠮᠲᠤ ᠨᠡᠶᠢᠳᠡ ᠶᠢᠨ ᠠᠵᠤ ᠠᠬᠤᠶ ᠶᠢᠨ ᠣᠷᠣᠯᠭ᠎ᠠ ᠨᠢ 10 | ᠲᠦᠮᠡᠨ ᠲᠥᠭᠦᠷᠢᠭ ᠢ ᠲᠠᠪᠡᠵᠥ᠂ ᠡᠭᠦᠨ ᠳᠤ 20 ᠲᠦᠮᠡᠨ ᠲᠥᠭᠦᠷᠢᠭ ᠠᠴᠠ ᠳᠡᠭᠡᠭᠰᠢᠬᠢ ᠣᠷᠣᠯᠭ᠎ᠠ ᠶᠢᠨ ᠡᠵᠡᠯᠡᠬᠦ | ᠬᠠᠷᠢᠴᠠᠯ 92.9% ᠳᠤ ᠬᠥᠷᠪᠡ᠃ ᠰᠠᠭᠤᠷᠢ ᠪᠠᠳᠤᠯᠠᠭ᠎ᠠ ᠶᠢ ᠴᠢᠩᠭᠠᠳᠬᠠᠨ ᠦᠨᠳᠦᠰᠦ ᠶᠢ ᠪᠠᠬᠢᠵᠢᠬᠦᠯᠪᠡ ᠠᠭᠤᠷ | ᠠᠮᠢᠰᠬᠤᠯ ᠬᠠᠬᠢᠷ ᠬᠦᠢᠲᠡᠨ ᠪᠣᠯᠪᠠᠴᠤ ᠤᠯᠠᠭᠠᠨᠬᠤᠲᠠ ᠶᠢᠨ ᠢᠯᠠᠯᠳᠠ ᠪᠠᠯᠭᠠᠰᠤᠨ ᠤ ᠶᠢᠨ ᠢᠤᠢ ᠡᡁᠧ ᠠᠮᠤ | ᠪᠤᠳᠠᠭᠠᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠮᠠᠰᠢ | ᠬᠦᠷ ᠬᠥᠭᠵᠢᠶᠡᠨ ᠲᠠᠢ ᠪᠠᠶᠢᠯ᠎ᠠ᠃ ᠠᠵᠢᠯᠴᠢᠳ ᠦᠢᠯᠡᠳᠪᠦᠷᠢᠯᠡᠯ ᠤᠨ ᠱᠤᠭᠤᠮ ᠳᠡᠭᠡᠷ᠎ᠡ ᠶᠠᠭᠠᠷᠠᠯᠳᠤᠵᠤ᠂ | ᠲᠤᠲᠤᠷᠭ᠎ᠠ ᠶᠢ ᠤᠭᠤᠲᠠᠯᠠᠵᠤ᠂ ᠬᠠᠶᠢᠷᠴᠠᠭ ᠲᠤ ᠰᠠᠪᠠᠯᠠᠵᠤ᠂ ᠵᠥᠭᠡᠭᠡᠪᠦᠷᠢᠯᠡᠵᠥ ᠶᠠᠭᠠᠷᠠᠯᠳᠤᠨ᠎ᠠ᠃ ᠺᠣᠮᠫᠠᠨᠢ ᠶᠢᠨ | ᠬᠢᠨᠠᠭᠴᠢ ᠶᠢᠨ ᠳᠠᠷᠤᠭ᠎ᠠ᠂ ᠮᠦᠨ ᠴᠤ ︽ᠲᠤᠲᠤᠷᠭ᠎ᠠ ᠡᠭᠡᠴᠢ︾ ᠬᠡᠮᠡᠭᠳᠡᠭᠰᠡᠨ ᠽᠧᠩ ᠴᠢᠩ ᠴᠦᠨ ᠭᠠᠷ | ᠤᠲᠠᠰᠤ ᠪᠠᠷ ᠢᠶᠠᠨ ᠦᠢᠯᠡᠳᠪᠦᠷᠢᠯᠡᠯ ᠤᠨ ᠱᠤᠭᠤᠮ ᠤᠨ ᠠᠯᠬᠤᠮ ᠶᠠᠪᠤᠴᠠ ᠨᠢᠭᠡ ᠪᠦᠷᠢ ᠶᠢ ᠰᠡᠬᠦᠳᠡᠷᠯᠡᠨ᠂ | ᠰᠦᠯᠵᠢᠶᠡᠨ ᠳᠡᠭᠡᠷ᠎ᠠ ᠳᠤᠳᠤᠷᠭ᠎ᠠ ᠪᠠᠨ ᠪᠤᠷᠤᠯᠠᠭᠤᠯᠬᠤ ᠳᠤ ᠤᠬᠠᠭᠤᠯᠭ᠎ᠠ ᠶᠢᠨ ᠮᠠᠲ᠋ᠧᠷᠢᠶᠠᠯ ᠦᠯᠡᠳᠡᠭᠡᠨ᠎ᠠ᠃ ᠽᠧᠩ | ᠴᠢᠩ ᠴᠦᠨ᠂ 2019 ᠣᠨ ᠤ 1 ᠰᠠᠷ᠎ᠠ ᠳᠤ ᠢᠯᠠᠯᠳᠠ ᠪᠠᠯᠭᠠᠰᠤ ᠶᠢᠨ ᠨᠤᠲᠤᠭ ᠤᠨ ᠴᠢᠳᠠᠪᠤᠷᠢᠲᠠᠨ ᠢ | ᠬᠦᠮᠦᠵᠢᠬᠦᠯᠬᠦ ᠲᠥᠪ ᠲᠤ ᠭᠥᠷᠴᠥ᠂ ᠲᠤᠬᠠᠢ ᠶᠢᠨ ᠭᠠᠵᠠᠷ ᠤᠨ ᠢᠶᠠᠨ ᠪᠠᠶᠠᠵᠢᠯ ᠤᠨ ᠳᠠᠭᠠᠭᠤᠯᠤᠬᠴᠢ ᠪᠣᠯᠵᠠᠢ᠃ | ᠲᠡᠷᠡ ᠡᠷ᠎ᠡ ᠨᠥᠬᠦᠷ ᠶᠠᠩ ᠮᠢᠩ ᠡᠦ ᠲᠠᠢ ᠪᠠᠨ ᠪᠡᠶ᠎ᠡ ᠪᠠᠨ ᠳᠠᠭᠠᠭᠠᠨ ᠦᠢᠯᠡᠰ ᠪᠤᠰᠬᠠᠵᠤ᠂ ᠣᠷᠭᠠᠨᠢᠭ ᠤᠰᠤᠨ | ᠲᠤᠲᠤᠷᠭ᠎ᠠ ᠲᠠᠷᠢᠬᠤ᠂ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠪᠣᠷᠣᠯᠠᠭᠤᠯᠬᠤ᠂ ᠨᠥᠭᠡᠴᠡᠯᠡᠬᠦ ᠵᠡᠷᠭᠡ | ᠲᠤᠬᠠᠶᠢᠯᠠᠭᠰᠠᠨ ᠠᠵᠢᠯ ᠢ ᠨᠢᠭᠡ ᠴᠤᠬᠴᠠᠵᠢᠭᠤᠯᠤᠬᠰᠠᠨ ᠶᠡᠷᠦᠩᠬᠡᠶᠢᠯᠡᠭᠰᠡᠨ ᠬᠡᠯᠪᠡᠷᠢ ᠶᠢᠨ ᠠᠵᠤ ᠦᠢᠯᠡᠰ ᠤᠨ | ᠬᠡᠯᠬᠢᠶ᠎ᠡ ᠶᠢ ᠬᠥᠭᠵᠢᠭᠦᠯᠵᠦ᠂ ᠡᠷᠬᠢᠨ ᠲᠣᠭᠤᠷᠢᠨ ᠤ 600 ᠭᠠᠷᠤᠢ ᠲᠠᠷᠢᠶᠠᠴᠢᠨ ᠡᠷᠦᠬᠡ ᠶᠢ ᠳᠠᠶᠢᠴᠢᠯᠠᠵᠤ᠂ | ᠦᠢᠯᠡᠳᠬᠦᠨ ᠨᠢ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ ᠪᠤᠢ᠃ | ᠮᠠᠨ ᠠᠶᠢᠮᠠᠭ ᠤᠨ ᠬᠢᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠯᠪᠠᠨ ᠠᠵᠢᠯ ᠤᠨ | ᠵᠠᠷᠤᠳᠠᠯ᠂ ᠭᠠᠴᠠᠭ᠎ᠠ ᠲᠣᠰᠬᠤᠨ ᠤ ᠺᠠᠳ᠋ᠷᠴᠤᠳ ᠤᠨ ᠦᠨᠳᠦᠰᠦᠨ ᠬᠥᠯᠥᠰᠥ ᠣᠯᠭᠤᠮᠵᠢ᠂ ᠠᠵᠢᠯ ᠠᠴᠠ ᠪᠠᠨ | ᠠᠮᠠᠷᠠᠬᠰᠠᠨ ᠺᠠᠳ᠋ᠷᠴᠤᠳ ᠤᠨ ᠠᠮᠢᠳᠤᠷᠠᠯ ᠤᠨ ᠨᠥᠬᠦᠪᠥᠷᠢ᠂ ᠨᠤᠲᠤᠭ ᠤᠨ ᠴᠢᠳᠠᠪᠤᠷᠢᠲᠠᠨ ᠢ ᠬᠦᠮᠦᠵᠢᠬᠦᠯᠬᠦ ᠲᠥᠪ ᠤᠨ | ᠠᠵᠢᠯ ᠤᠨ ᠵᠠᠷᠤᠳᠠᠯ ᠵᠡᠷᠭᠡ ᠦᠨᠳᠦᠰᠦᠨ ᠱᠠᠲᠤᠨ ᠤ ᠰᠠᠭᠤᠷᠢ ᠪᠠᠲᠤᠯᠠᠭ᠎ᠠ ᠶᠢᠨ ᠠᠵᠢᠯ ᠤᠨ ᠵᠠᠷᠤᠳᠠᠯ ᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠵᠠᠷᠤᠳᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠰᠠᠯᠭᠠᠨ | ᠦᠭᠴᠦ ᠪᠤᠢ︔ ᠡᠬᠦᠨ ᠤ ᠳᠠᠭᠠᠤ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠤᠨ ᠠᠮᠵᠢᠯᠲᠠ ᠪᠦᠲᠦᠮᠵᠢ ᠪᠠ | ᠱᠠᠩᠨᠠᠯ ᠤᠨ ᠬᠠᠷᠠᠮᠵᠢ ᠣᠯᠭᠤᠬᠤ ᠠᠷᠭ᠎ᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ | ᠬᠢᠬᠦ ᠬᠠᠯᠠᠭᠤᠨ ᠰᠡᠳᠭᠢᠯᠭᠡ ᠶᠢ ᠬᠥᠭᠵᠢᠭᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠪᠦᠲᠦᠮᠵᠢᠲᠡᠶ ᠠᠵᠢᠯᠯᠠᠬᠤ ᠶᠢ ᠪᠠᠲᠤᠯᠠᠪᠠ᠃ ᠵᠢᠱᠢᠶ᠎ᠡ ᠦᠵᠡᠭᠦᠯᠦᠨ ᠳᠠᠶᠢᠴᠢᠯᠠᠨ ᠳᠠᠭᠠᠭᠤᠯᠬᠤ ᠶᠢ ᠵᠤᠷᠢᠬᠵᠢᠭᠤᠯᠪᠠ | ᠤᠣ ᠹᠦ᠋ ᠢᠤᠢ ᠪᠣᠯ ᠬᠤᠷᠴᠢᠨ ᠪᠠᠷᠠᠭᠤᠨ ᠭᠠᠷᠤᠨ ᠲᠤᠮᠳᠡᠳᠥ ᠬᠤᠰᠢᠭᠤᠨ ᠤ ᠭᠤᠤᠯ ᠤᠨ ᠪᠠᠶᠢᠰᠢᠩ ᠪᠠᠯᠭᠠᠰᠤᠨ ᠤ | ᠰᠠᠶᠢᠬᠠᠨᠳᠣᠪᠤ ᠭᠠᠴᠠᠭᠠᠨ ᠤ ᠦᠬᠡᠷ ᠲᠡᠵᠢᠭᠡᠬᠦ ᠲᠣᠮᠣ ᠡᠷᠦᠬᠡ ᠪᠣᠯᠤᠨ᠎ᠠ᠂ ᠳᠡᠷᠡ ᠭᠠᠴᠠᠭᠠᠨ ᠤ ᠡᠬᠦᠯᠳᠡᠷ | ᠰᠠᠶᠢᠵᠢᠷᠠᠭᠤᠯᠬᠤ ᠠᠵᠢᠯ ᠢ ᠬᠠᠷᠢᠭᠤᠴᠠᠬᠰᠠᠨ ᠠᠴᠠ ᠨᠠᠭᠠᠰᠢ᠂ 500 ᠭᠠᠷᠤᠶ ᠲᠡᠵᠢᠭᠡᠨ ᠦᠷᠡᠵᠢᠭᠦᠯᠬᠦ ᠡᠷᠦᠬᠡ ᠶᠢ | ᠬᠠᠪᠰᠤᠷᠤᠨ 8000 ᠭᠠᠷᠤᠶ ᠦᠬᠡᠷ ᠤᠨ ᠡᠬᠦᠯᠳᠡᠷ ᠢ ᠰᠠᠶᠢᠵᠢᠷᠠᠭᠤᠯᠤᠭᠰᠠᠨ ᠠᠴᠠ ᠲᠡᠵᠢᠭᠡᠨ ᠦᠷᠡᠵᠢᠭᠦᠯᠬᠦ | ᠡᠷᠦᠬᠡ ᠶᠢᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ︽ᠪᠢ ᠪᠤᠯ ᠦᠢᠯᠡᠰ ᠪᠤᠰᠬᠠᠬᠤ ᠵᠠᠮ ᠢᠶᠠᠷ ᠶᠠᠪᠤᠬᠰᠠᠨ | ᠤᠶᠤᠳᠡᠨ ᠪᠤᠯᠤᠨ᠎ᠠ᠂ 2018 ᠣᠨ ᠳᠤ᠂ ᠪᠠᠯᠭᠠᠰᠤᠨ ᠤ ᠨᠤᠲᠤᠭ ᠤᠨ ᠴᠢᠳᠠᠪᠤᠷᠢᠲᠠᠨ ᠢ ᠬᠦᠮᠦᠵᠢᠬᠦᠯᠬᠦ ᠲᠥᠪ ᠤᠨ | ᠲᠡᠵᠢᠭᠡᠨ ᠦᠷᠡᠵᠢᠭᠦᠯᠬᠦ ᠪᠣᠯᠪᠠᠰᠤᠷᠠᠯ ᠳᠤ ᠣᠷᠣᠯᠴᠠᠵᠤ᠂ ᠬᠡᠭᠡᠯᠲᠦᠭᠦᠯᠬᠦ ᠮᠡᠷᠭᠡᠵᠢᠯ ᠢ ᠰᠢᠰᠲ᠋ᠧᠮ ᠲᠠᠢ ᠰᠤᠷᠤᠯᠴᠠᠵᠠᠢ᠂ | ᠡᠬᠦᠯᠳᠡᠷ ᠰᠠᠶᠢᠵᠢᠷᠠᠭᠤᠯᠤᠭᠰᠠᠨ ᠰᠢᠮᠧᠨ᠋ᠳᠡᠷ ᠦᠬᠡᠷ ᠤᠨ ᠥᠰᠥᠯᠲᠡ ᠲᠦᠷᠭᠡᠨ᠂ ᠦᠨ᠎ᠡ ᠬᠠᠩᠰᠢ ᠨᠢ ᠦᠨᠳᠦᠷ᠂ | ᠮᠢᠬᠠᠨ ᠤ ᠭᠠᠷᠤᠯᠲᠠ ᠨᠢ ᠨᠤᠳᠤᠬ ᠤᠨ ᠦᠬᠡᠷ ᠤᠨ ᠬᠢ ᠠᠴᠠ ᠬᠤᠯᠠ ᠥᠨᠳᠥᠷ ᠪᠠᠶᠢᠨ᠎ᠠ︾ ᠭᠡᠵᠦ ᠤᠣ ᠹᠦ᠋ ᠢᠤᠢ | ᠶᠠᠷᠢᠪᠠ᠃ ᠮᠠᠨ ᠤ ᠠᠶᠢᠮᠠᠭ ︽ᠰᠢᠶᠤᠤ ᠵᠢᠩ ᠲᠥᠯᠥᠪᠯᠡᠭᠡ︾ ᠶᠢ ᠳᠣᠭᠢᠷᠠᠭᠤᠯᠤᠨ ᠠᠬᠢᠭᠤᠯᠬᠤ ᠬᠤᠷᠠᠯ ᠢ | ᠬᠤᠷᠠᠯᠳᠤᠭᠤᠯᠵᠤ᠂ 1288 ᠬᠥᠮᠦᠨ ᠢ ᠬᠥᠮᠦᠵᠢᠭᠦᠯᠬᠦ ᠪᠠᠷ ᠲᠣᠭᠲᠠᠭᠠᠵᠤ᠂ 4.18 ᠲᠦᠮᠡᠨ ᠮᠠᠯᠴᠢᠨ ᠲᠠᠷᠢᠶᠠᠴᠢᠨ | ᠡᠷᠦᠬᠡ᠂ 8.64 ᠲᠦᠮᠡᠨ ᠬᠥᠮᠦᠨ ᠢ ᠨᠥᠯᠥᠭᠡᠯᠡᠨ ᠳᠠᠶᠢᠴᠢᠯᠠᠵᠤ᠂ ᠵᠢᠯ ᠤᠨ ᠡᠵᠡᠩᠨᠡᠯᠲᠡ ᠶᠢᠨ ᠣᠷᠣᠯᠭ᠎ᠠ ᠨᠢ 8. | 64 ᠳ᠋ᠦᠩᠰᠢᠭᠤᠷ ᠲᠥᠭᠦᠷᠢᠭ ᠲᠤ ᠬᠦᠷᠬᠦ ᠪᠤᠯᠤᠨ᠎ᠠ᠃ ᠮᠦᠨ ᠴᠤ ︽ᠬᠠᠮᠤᠭ ᠤᠨ ᠬᠦᠴᠦᠷᠬᠡᠭ ᠨᠠᠮ ᠤᠨ ᠡᠭᠦᠷ︾ | ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠠ ︽ᠨᠢᠭᠡ ᠨᠠᠮ ᠤᠨ ᠡᠬᠦᠷ ᠨᠢᠭᠡ | ᠨᠠᠷᠠᠲᠤ ᠲᠡᠮᠳᠡᠭᠲᠦ︾ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠠᠶᠢᠮᠠᠭ ᠤᠨ ᠲᠠᠰ ᠤᠨ 40 ᠵᠢᠱᠢᠶ᠎ᠡ ᠦᠵᠡᠭᠦᠯᠬᠦ | ᠴᠡᠭ᠂ 6 ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠨᠡᠯᠡᠨ ᠲᠣᠭᠲᠠᠭᠠᠵᠤ᠂ 100 ᠨᠠᠷᠠᠲᠤ ᠲᠡᠮᠳᠡᠭᠲᠦ ᠨᠠᠮ ᠤᠨ | ᠡᠭᠦᠷ ᠢ ᠨᠡᠷᠡᠶᠢᠳᠬᠦ ᠪᠠᠷ ᠪᠣᠶ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ᠂ ︽ᠡᠷᠡᠰ ᠭᠤᠶᠢᠪᠢᠰᠢ | ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠤᠯᠤᠰ ᠢ | ᠵᠠᠰᠠᠵᠤ ᠲᠦᠷᠦ ᠶᠢ ᠲᠦᠪᠰᠢᠷᠡᠭᠦᠯᠬᠦ ᠳᠤ ᠰᠠᠭᠤᠷᠢ ᠶᠢ ᠴᠢᠬᠤᠯᠠᠴᠢᠯᠠᠬᠤ ᠬᠡᠷᠡᠭᠲᠡᠢ︔ ᠨᠠᠮ ᠢ ᠬᠠᠮᠢᠶᠠᠷᠴᠤ ᠨᠠᠮ ᠢ | ᠵᠠᠰᠠᠬᠤ ᠶᠢᠨ ᠭᠤᠣᠯᠳᠠᠯᠭ᠎ᠠ ᠨᠢ ᠦᠨᠳᠦᠰᠦᠨ ᠱᠠᠲᠤᠨ ᠳᠤ ᠪᠤᠢ᠃ ᠰᠢᠨ᠎ᠡ ᠴᠠᠬ ᠡᠷᠡᠨ ᠰᠢᠨ᠎ᠡ ᠠᠶᠠᠨ ᠳᠤ᠂ ᠪᠦᠬᠦ | ᠠᠶᠢᠮᠠᠭ ᠤᠨ ᠡᠯ᠎ᠡ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠦᠨᠳᠦᠰᠦᠨ | ᠱᠠᠳᠤ ᠶᠢ ᠦᠷᠭᠦᠯᠵᠢᠯᠡᠨ ᠴᠢᠩᠭ᠎ᠠ ᠠᠳᠬᠤᠨ ᠰᠠᠭᠤᠷᠢ ᠶᠢ ᠪᠠᠬᠢᠵᠢᠭᠦᠯᠵᠦ᠂ ᠨᠠᠮ ᠤᠨ ᠲᠦᠷᠦ ᠪᠠᠷᠢᠬᠤ ᠰᠠᠭᠤᠷᠢ ᠶᠢ | ᠬᠦᠴᠦᠯᠡᠨ ᠪᠠᠬᠢᠵᠢᠭᠦᠯᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | · ᡁᠢ ᠮᠢᠨ ᠸᠠᠩ ᠶᠤᠸᠠᠢ · | |