ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ — ᠰᠠᠭᠤᠷᠢ ᠰᠤᠳᠤᠯᠭᠠᠨ ᠢ ᠦᠨᠡᠨ ᠬᠦ ᠴᠢᠩᠭᠠᠳᠬᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠦᠨᠳᠦᠰᠦ ᠰᠠᠭᠤᠷᠢ ᠶᠢ ᠪᠠᠬᠢᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2023/2/24
     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 21 ᠤ ᠦᠳᠡ ᠶᠢᠨ ᠬᠤᠶᠢᠨ᠎ᠠ ᠰᠠᠭᠤᠷᠢ ᠰᠤᠳᠤᠯᠭᠠᠨ ᠢ ᠴᠢᠩᠭᠠᠳᠬᠠᠬᠤ ᠲᠤᠬᠠᠢ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠰᠠᠭᠤᠷᠢ ᠰᠤᠳᠤᠯᠭᠠᠨ ᠢ ᠴᠢᠩᠭᠠᠳᠬᠠᠬᠤ ᠪᠣᠯ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠲᠤᠯᠭᠠᠮ ᠱᠠᠭᠠᠷᠳᠠᠯᠭ᠎ᠠ ᠮᠥᠨ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠵᠠᠶᠢᠯᠠᠰᠢ ᠦᠭᠡᠢ ᠵᠠᠮ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠠᠭᠤᠷᠢ ᠰᠤᠳᠤᠯᠭᠠᠨ ᠢ ᠴᠢᠩᠭᠠᠳᠬᠠᠬᠤ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠴᠢᠬᠤᠯᠠ ᠵᠥᠪᠯᠡᠭᠦ ᠵᠦᠢᠯ ᠳᠡᠭᠡᠨ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠰᠠᠭᠤᠷᠢ ᠰᠤᠳᠤᠯᠭᠠᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠭᠦᠩ ᠴᠢ ᠬᠤᠸᠠᠩ ᠫᠷᠤᠹᠧᠰᠰᠤᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃     ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠪᠣᠯᠣᠨ ᠤᠯᠤᠰ ᠠᠴᠠ ᠰᠠᠭᠤᠷᠢ ᠰᠤᠳᠤᠯᠭᠠᠨ ᠤ ᠠᠵᠢᠯ ᠢ ᠶᠡᠷᠦ ᠠᠴᠠ ᠴᠢᠬᠤᠯᠠᠴᠢᠯᠠᠭᠰᠠᠭᠠᠷ ᠢᠷᠡᠵᠠᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠰᠠᠭᠤᠷᠢ ᠰᠤᠳᠤᠯᠭᠠᠨ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠣᠳᠣᠬᠠᠨ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠨᠢᠰᠬᠦ ᠮᠡᠲᠦ ᠲᠦᠷᠭᠡᠨ ᠬᠥᠭᠵᠢᠵᠦ᠂ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠯ ᠠᠭᠤᠰᠤᠯᠴᠠᠯ ᠲᠠᠰᠤᠷᠠᠯᠲᠠ ᠦᠭᠡᠢ ᠬᠥᠭᠵᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠣᠮᠢᠶ᠎ᠠ ᠳᠤ ᠭᠦᠨᠵᠡᠭᠡᠢ ᠬᠤᠪᠢᠰᠤᠯᠲᠠ ᠭᠠᠷᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠲᠦᠷᠭᠡᠨ ᠢᠶᠠᠷ ᠨᠡᠪᠴᠢᠨ ᠠᠭᠤᠰᠤᠯᠴᠠᠵᠤ᠂ ᠰᠠᠭᠤᠷᠢ ᠰᠤᠳᠤᠯᠭᠠᠨ ᠢ ᠬᠤᠪᠢᠷᠠᠭᠤᠯᠬᠤ ᠦᠶᠡᠯᠡᠯ ᠤᠨ ᠬᠤᠭᠤᠴᠠᠭ᠎ᠠ ᠢᠯᠡᠳᠲᠡ ᠪᠣᠭᠤᠨᠢᠰᠴᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠰᠠᠭᠤᠷᠢ ᠰᠤᠳᠤᠯᠭᠠᠨ ᠤ ᠬᠤᠰᠢᠭᠤᠷᠠᠯ ᠲᠡᠶᠢᠰᠢ ᠰᠢᠯᠵᠢᠵᠦ ᠪᠠᠶᠢᠨ᠎ᠠ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠢ ᠠᠷᠭᠠᠴᠠᠭᠠᠵᠤ᠂ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠢᠳᠡᠨ ᠤ ᠰᠠᠭᠤᠷᠢ ᠰᠤᠳᠤᠯᠭᠠᠨ ᠢ ᠴᠢᠩᠭᠠᠳᠬᠠᠵᠤ ᠂ ᠡᠬᠢ ᠡᠭᠦᠰᠦᠯ ᠪᠠ ᠦᠨᠳᠦᠰᠦ ᠰᠠᠭᠤᠷᠢ ᠠᠴᠠ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠢ ᠰᠢᠢᠳᠪᠦᠷᠢᠯᠡᠬᠦ ᠶᠢ ᠲᠤᠯᠭᠠᠮ ᠱᠠᠭᠠᠷᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠰᠠᠭᠤᠷᠢ ᠰᠤᠳᠤᠯᠭᠠᠨ ᠤ ᠤᠷᠢᠳᠠᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠢᠰᠲ᠋ᠧᠮᠲᠦ ᠴᠢᠨᠠᠷ ᠪᠦᠬᠦᠢ ᠪᠠᠶᠢᠷᠢᠰᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠠᠭᠤᠷᠢ ᠰᠤᠳᠤᠯᠭᠠᠨ ᠨᠢ ᠰᠤᠳᠤᠯᠭᠠᠨ ᠠᠴᠠ ᠬᠡᠷᠡᠭᠯᠡᠭᠡᠨ ᠳᠤ ᠭᠦᠷᠲᠡᠯ᠎ᠡ᠂ ᠲᠠᠭᠢᠭᠠᠳ ᠦᠢᠯᠡᠳᠪᠦᠷᠢᠯᠡᠯ ᠬᠦᠷᠲᠡᠯᠡᠬᠢ ᠡᠷᠳᠡᠮ ᠰᠢᠨᠵᠢᠯᠡᠭᠡᠨ ᠤ ᠬᠡᠯᠬᠢᠶ᠎ᠡ ᠶᠢᠨ ᠡᠬᠢᠨ ᠳᠤᠨᠢ ᠣᠷᠣᠰᠢᠵᠤ᠂ ᠰᠠᠭᠤᠷᠢ ᠪᠠᠨ ᠪᠠᠲᠤ ᠴᠣᠭᠴᠠᠯᠠᠪᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠲᠣᠮᠣ ᠠᠰᠠᠷ ᠢ ᠰᠠᠶ᠋ᠢ ᠥᠨᠳᠥᠷ ᠪᠠᠶᠢᠭᠤᠯᠵᠤ ᠴᠢᠳᠠᠨ᠎ᠠ᠃ ︽ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ︽ᠬᠤᠶᠠᠷ ᠵᠠᠮ ᠢᠶᠠᠷ ᠵᠠᠮᠨᠠᠬᠤ︾ ᠶᠢ ᠴᠢᠯᠦᠭᠡᠲᠡᠢ ᠰᠦᠪᠡᠭᠴᠢᠯᠡᠬᠦ ᠶᠢ ᠪᠠᠷᠢᠮᠲᠠᠯᠠᠵᠤ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ ᠳᠤᠷᠠᠳᠤᠭᠰᠠᠨ ᠬᠤᠰᠢᠭᠤᠷᠠᠯ ᠠᠰᠠᠭᠤᠳᠠᠯ ᠪᠠ ᠴᠢᠬᠤᠯᠠ ᠶᠡᠭᠡ ᠬᠡᠷᠡᠭᠯᠡᠭᠡᠨ ᠤ ᠰᠤᠳᠤᠯᠭᠠᠨ ᠤ ᠳᠤᠮᠳᠠ ᠬᠡᠶᠢᠰᠪᠦᠷᠢ ᠪᠠᠷ ᠭᠠᠷᠭᠠᠭᠰᠠᠨ ᠤᠨᠤᠯ ᠤᠨ ᠠᠰᠠᠭᠤᠳᠠᠯ ᠢ ᠨᠢᠭᠡᠳᠦᠯᠲᠡᠢ ᠲᠥᠯᠥᠪᠯᠡᠵᠦ᠂ ᠰᠠᠭᠤᠷᠢ ᠰᠤᠳᠤᠯᠭᠠᠨ ᠤ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠤ ᠠᠰᠠᠭᠤᠳᠠᠯ ᠢ ᠪᠤᠯᠪᠠᠰᠤᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠠᠨᠳᠤᠰᠢ ᠪᠣᠯᠣᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠡᠵᠡᠮᠳᠡᠵᠦ᠂ ᠰᠠᠭᠤᠷᠢ ᠰᠤᠳᠤᠯᠭᠠᠨ ᠤ ᠴᠢᠬᠤᠯᠠ ᠶᠡᠭᠡ ᠲᠦᠷᠦᠯ ᠵᠦᠢᠯ ᠤᠨ ᠪᠣᠯᠣᠮᠵᠢᠲᠤ ᠴᠢᠨᠠᠷ ᠢ ᠨᠤᠲᠠᠯᠠᠬᠤ ᠪᠠ ᠰᠢᠯᠢᠨ ᠰᠣᠩᠭᠤᠵᠤ ᠦᠨᠡᠯᠡᠨ ᠵᠢᠱᠢᠭᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠲᠠᠳ ᠤᠨ ᠰᠠᠨᠠᠯ ᠢ ᠭᠦᠢᠴᠡᠳ ᠭᠦᠨᠳᠦᠳᠭᠡᠵᠦ᠂ ᠶᠡᠭᠡ ᠬᠠᠨᠳᠤᠰᠢ ᠶᠢ ᠡᠵᠡᠮᠳᠡᠵᠦ᠂ ︽ᠲᠦᠷᠦᠭᠦᠦ ᠠᠯᠬᠤᠮ ᠤᠨ ᠰᠢᠲᠠᠷ᠎ᠠ︾ ᠶᠢ ᠰᠠᠶᠢᠲᠤᠷ ᠲᠠᠯᠪᠢᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠰᠢᠰᠲ᠋ᠧᠮᠵᠢᠭᠰᠡᠨ ᠰᠠᠭᠤᠷᠢ ᠰᠤᠳᠤᠯᠭᠠᠨ᠂ ᠬᠤᠰᠢᠭᠤᠷᠠᠯ ᠤᠳᠤᠷᠢᠳᠤᠮᠵᠢ ᠶᠢᠨ ᠬᠠᠶᠢᠨ ᠰᠦᠪᠡᠭᠴᠢᠯᠡᠯᠲᠡ ᠶᠢᠨ ᠴᠢᠨᠠᠷᠲᠠᠢ ᠰᠠᠭᠤᠷᠢ ᠰᠤᠳᠤᠯᠭᠠᠨ᠂ ᠵᠠᠬ᠎ᠠ ᠳᠡᠯᠭᠡᠭᠦᠷ ᠤᠨ ᠤᠳᠤᠷᠢᠳᠤᠮᠵᠢ ᠶᠢᠨ ᠬᠡᠷᠡᠭᠯᠡᠭᠡᠨ ᠤ ᠴᠢᠨᠠᠷᠲᠠᠢ ᠰᠠᠭᠤᠷᠢ ᠰᠤᠳᠤᠯᠭᠠᠨ ᠢ ᠵᠣᠬᠢᠶᠠᠨ ᠪᠠᠶᠢᠭᠤᠯᠤᠯᠲᠠ ᠲᠠᠢ ᠠᠬᠢᠭᠤᠯᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠬᠥᠲᠥᠯᠥᠨ ᠳᠠᠭᠠᠭᠤᠯᠬᠤ ᠦᠢᠯᠡᠳᠦᠯ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠮᠵᠢᠴᠢᠯᠠᠬᠰᠠᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ᠂ ᠥᠨᠳᠥᠷ ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ ᠶᠢᠨ ᠭᠤᠣᠯ ᠬᠦᠴᠦᠨ ᠤ ᠦᠢᠯᠡᠳᠦᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ︽ᠰᠡᠳᠦᠪ ᠭᠠᠷᠭᠠᠭᠴᠢ︾᠂ ︽ᠰᠡᠳᠦᠪ ᠬᠠᠷᠢᠭᠤᠯᠤᠭᠴᠢ︾᠂ ︽ᠰᠡᠳᠦᠪ ᠬᠢᠨᠠᠭᠴᠢ︾ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠬᠤ ᠬᠡᠷᠡᠭᠲᠡᠢ᠃ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠮᠠᠨᠳᠤᠭᠰᠠᠨ ᠰᠢᠨᠵᠢᠯᠡᠭᠡᠨ ᠤ ᠰᠠᠯᠠᠭ᠎ᠠ᠂ ᠠᠩᠬᠠᠷᠤᠭᠳᠠᠭᠠᠳᠤᠢ ᠰᠢᠨᠵᠢᠯᠡᠭᠡᠨ ᠤ ᠰᠠᠯᠠᠭ᠎ᠠ ᠪᠣᠯᠣᠨ ᠪᠠᠭᠤᠷᠠᠢ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢ ᠳᠡᠮᠵᠢᠵᠦ᠂ ᠰᠢᠨᠵᠢᠯᠡᠭᠡᠨ ᠤ ᠰᠠᠯᠠᠭ᠎ᠠ ᠶᠢᠨ ᠰᠣᠯᠪᠢᠴᠠᠨ ᠠᠭᠤᠰᠤᠯᠴᠠᠬᠤ ᠪᠠ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠰᠤᠳᠤᠯᠭᠠᠨ ᠢ ᠠᠬᠢᠭᠤᠯᠵᠤ᠂ ᠪᠦᠭᠦ ᠲᠠᠯ᠎ᠠ ᠪᠠᠷ ᠲᠡᠩᠴᠡᠭᠦᠷᠢᠲᠡᠢ ᠬᠥᠭᠵᠢᠭᠰᠡᠨ ᠴᠢᠨᠠᠷ ᠰᠠᠶᠢᠲᠠᠢ ᠰᠢᠨᠵᠢᠯᠡᠭᠡᠨ ᠤ ᠰᠠᠯᠠᠭᠠᠨ ᠤ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠰᠢ ᠶᠢᠨ ᠫᠢᠩ᠂ ᠳᠡᠯᠡᠬᠡᠢ ᠶᠢᠷᠲᠢᠨᠴᠦ ᠨᠢᠭᠡᠨᠲᠡ ᠲᠣᠮᠣ ᠰᠢᠨᠵᠢᠯᠡᠬᠦ ᠤᠬᠠᠭᠠᠨ ᠤ ᠴᠠᠭ ᠦᠶ᠎ᠡ ᠳᠤ ᠣᠷᠣᠵᠤ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠠᠪᠤᠬᠤ ᠲᠤᠲᠤᠮ ᠥᠨᠳᠥᠷ ᠪᠣᠯᠵᠤ᠂ ᠳᠦᠷᠢᠮ ᠤᠨ ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠠᠴᠠ ᠰᠠᠭᠤᠷᠢ ᠰᠤᠳᠤᠯᠭᠠᠨ ᠤ ᠦᠢᠯᠡᠳᠪᠦᠷᠢᠯᠡᠯ ᠳᠤ ᠦᠵᠡᠭᠦᠯᠭᠦ ᠨᠥᠯᠥᠭᠡ ᠶᠠᠪᠤᠬᠤ ᠲᠤᠲᠤᠮ ᠶᠡᠭᠡ ᠪᠣᠯᠵᠤ ᠪᠠᠶᠢᠨ᠎ᠠ᠃ ᠡᠷᠬᠡᠪᠰᠢ ᠰᠠᠭᠤᠷᠢ ᠰᠤᠳᠤᠯᠭᠠᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠦᠷᠢᠮ᠂ ᠲᠦᠷᠦ ᠶᠢᠨ ᠪᠣᠳᠣᠯᠭ᠎ᠠ ᠶᠢᠨ ᠦᠷᠳᠡᠭ ᠤᠨ ᠬᠥᠳᠡᠯᠭᠡᠭᠦᠷ ᠪᠠ ᠪᠠᠶᠢᠯᠳᠤᠬᠤ ᠪᠣᠳᠣᠯᠭ᠎ᠠ ᠶᠢᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠰᠠᠭᠤᠷᠢ ᠰᠤᠳᠤᠯᠭᠠᠨ ᠤ ᠡᠳ᠋ ᠤᠨ ᠵᠠᠰᠠᠭ ᠤᠨ ᠣᠷᠣᠭᠤᠯᠤᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠭᠦ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠬᠦᠴᠦᠨ ᠤ ᠰᠢᠨᠵᠢᠯᠡᠬᠦ ᠤᠬᠠᠭᠠᠨ ᠤ ᠰᠠᠭᠤᠷᠢ ᠮᠥᠩᠭᠦ ᠪᠠᠶᠢᠭᠤᠯᠬᠤ᠂ ᠰᠢᠨᠵᠢᠯᠡᠬᠦ ᠤᠬᠠᠭᠠᠨ ᠳᠤ ᠬᠠᠨᠳᠢᠪᠯᠡᠬᠤ ᠵᠡᠷᠭᠡ ᠤᠯᠠᠨ ᠡᠰᠢᠲᠦ ᠣᠷᠣᠭᠤᠯᠤᠯᠲᠠ ᠶᠢ ᠵᠣᠷᠢᠭᠵᠢᠭᠤᠯᠵᠤ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠵᠢᠴᠢ ᠲᠡᠭᠦᠨ ᠤ ᠬᠠᠮᠲᠤᠷᠠᠭᠰᠠᠨ ᠰᠠᠭᠤᠷᠢ ᠮᠥᠩᠭᠦ ᠶᠢᠨ ᠲᠡᠳᠬᠦᠨ ᠲᠤᠰᠠᠯᠠᠬᠤ ᠦᠢᠯᠡᠳᠦᠯ ᠴᠢᠳᠠᠪᠬᠢ ᠶᠢ ᠳᠡᠭᠡᠭᠰᠢᠯᠡᠭᠦᠯᠵᠦ᠂ ᠥᠷᠢᠰᠦᠯᠳᠦᠭᠡᠨ ᠤ ᠴᠢᠨᠠᠷᠲᠠᠢ ᠳᠡᠮᠵᠢᠯᠭᠡ ᠪᠠ ᠲᠣᠭᠲᠠᠭᠤᠨ ᠳᠡᠮᠵᠢᠯᠭᠡ ᠶᠢ ᠤᠶᠠᠯᠳᠤᠭᠤᠯᠤᠭᠰᠠᠨ ᠰᠠᠭᠤᠷᠢ ᠰᠤᠳᠤᠯᠭᠠᠨ ᠤ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠰᠠᠭᠤᠷᠢ ᠰᠤᠳᠤᠯᠭᠠᠨ ᠤ ᠳᠡᠮᠵᠢᠯᠭᠡ ᠶᠢᠨ ᠰᠢᠰᠲ᠋ᠧᠮ ᠢ ᠰᠢᠯᠢᠳᠡᠭᠵᠢᠭᠦᠯᠵᠦ᠂ ᠰᠠᠭᠤᠷᠢ ᠰᠤᠳᠤᠯᠭᠠᠨ ᠤ ᠲᠦᠷᠦᠯ ᠵᠦᠢᠯ ᠢ ᠵᠣᠬᠢᠶᠠᠨ ᠪᠠᠶᠢᠭᠤᠯᠬᠤ ᠂ ᠭᠤᠶᠤᠴᠢᠯᠠᠨ ᠮᠡᠳᠡᠭᠦᠯᠭᠦ᠂ ᠦᠨᠡᠯᠡᠨ ᠲᠣᠭᠲᠠᠭᠠᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠶᠡᠲᠦ ᠴᠢᠨᠠᠷᠲᠠᠢ ᠪᠠᠷ ᠲᠦᠷᠦᠯ ᠬᠤᠪᠢᠶᠠᠭᠰᠠᠨ ᠬᠠᠮᠢᠶᠠᠷᠤᠯᠲᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠠᠵᠢᠯ ᠨᠢᠭᠡᠲᠡᠨ ᠤ ᠦᠨᠡᠯᠡᠯᠲᠡ ᠶᠢ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠳᠤ ᠬᠠᠨᠳᠤᠭᠤᠯᠤᠭᠰᠠᠨ ᠬᠠᠮᠵᠢᠯᠴᠠᠨ ᠪᠣᠭᠤᠮᠲᠠ ᠰᠢᠪᠲᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠯᠦᠭᠡᠲᠦ ᠬᠠᠶᠢᠨ ᠰᠦᠪᠡᠭᠴᠢᠯᠡᠯᠲᠡ ᠶᠢᠨ ᠮᠠᠶ᠋ᠢᠭ ᠤᠨ ᠰᠤᠳᠤᠯᠭᠠᠨ ᠪᠠ ᠬᠠᠮᠲᠤ ᠶᠢᠨ ᠲᠠᠨᠢᠯᠲᠠ ᠶᠢᠨ ᠪᠤᠰᠤ ᠰᠢᠨ᠎ᠡ ᠶᠢ ᠡᠭᠦᠳᠭᠦ ᠰᠤᠳᠤᠯᠭᠠᠨ ᠢ ᠵᠣᠷᠢᠭᠵᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠪᠣᠯᠣᠨ ᠵᠠᠬ᠎ᠠ ᠳᠡᠯᠭᠡᠭᠦᠷ ᠤᠨ ᠲᠣᠭᠲᠠᠴᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠰᠠᠭᠤᠷᠢ ᠰᠤᠳᠤᠯᠭᠠᠨ ᠤ ᠤᠷᠳᠤ ᠦᠶᠡᠯᠡᠯ ᠤᠨ ᠬᠤᠭᠤᠴᠠᠭ᠎ᠠ ᠲᠠᠢ ᠵᠣᠬᠢᠴᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠤᠷᠮᠠᠰᠢᠭᠤᠯᠤᠯ᠂ ᠦᠷ᠎ᠡ ᠪᠦᠲᠦᠭᠡᠯ ᠢ ᠬᠡᠷᠡᠭᠯᠡᠵᠦ ᠣᠨᠳᠣᠣᠰᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠴᠠᠯᠢᠩ ᠬᠥᠯᠥᠰᠦ ᠵᠡᠷᠭᠡ ᠳᠦᠷᠢᠮ ᠢ ᠪᠦᠷᠢᠨᠰᠢᠭᠦᠯᠵᠦ᠂ ᠨᠢᠭᠡ ᠪᠦᠯᠦᠭ ᠰᠠᠭᠤᠷᠢ ᠰᠤᠳᠤᠯᠭᠠᠨ ᠤ ᠰᠢᠨ᠎ᠡ ᠶᠢ ᠡᠭᠦᠳᠭᠦ ᠰᠠᠭᠤᠷᠢᠨ᠂ ᠳᠠᠪᠠᠭᠤᠯᠢᠭ ᠪᠦᠯᠭᠦᠮ ᠪᠣᠯᠣᠨ ᠭᠤᠣᠯᠳᠠᠯᠭ᠎ᠠ ᠲᠠᠢ ᠴᠢᠭᠯᠡᠯ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠲᠡᠮᠵᠢᠵᠤ᠂ ᠤᠤᠭᠠᠯ ᠡᠭᠦᠳᠦᠯᠲᠡ ᠶᠢᠨ ᠭᠤᠯᠣᠮᠲᠠ ᠪᠣᠯᠣᠨ ᠰᠠᠭᠤᠷᠢ ᠰᠤᠳᠤᠯᠭᠠᠨ ᠤ ᠬᠤᠰᠢᠭᠤᠴᠢ ᠬᠦᠴᠦᠨ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠰᠢ ᠶᠢᠨ ᠫᠢᠩ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠢ ᠬᠠᠮᠵᠢᠯᠴᠠᠨ ᠪᠠᠶᠢᠭᠤᠯᠵᠤ᠂ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠰᠤᠳᠤᠯᠭᠠᠨ ᠤ ᠲᠥᠪ ᠢ ᠪᠠᠶᠢᠷᠢᠰᠢᠭᠤᠯᠤᠨ ᠪᠠᠶᠢᠭᠤᠯᠵᠤ᠂ ᠰᠢᠨ᠎ᠡ ᠭᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠳᠡᠭᠡ ᠵᠠᠩᠭᠢᠵᠢᠯᠲᠠ ᠶᠢᠨ ᠰᠠᠭᠤᠷᠢ ᠲᠠᠪᠴᠠᠩ ᠢ ᠤᠷᠢᠳᠴᠢᠯᠠᠨ ᠪᠠᠶᠢᠷᠢᠯᠠᠭᠤᠯᠵᠤ᠂ ᠬᠦᠴᠦᠷᠬᠡᠭ ᠶᠡᠭᠡ ᠰᠠᠭᠤᠷᠢ ᠰᠤᠳᠤᠯᠭᠠᠨ ᠤ ᠭᠤᠣᠯᠯᠠᠭᠴᠢ ᠬᠦᠴᠦᠨ ᠤ ᠲᠣᠣᠷ ᠢ ᠪᠦᠷᠢᠯᠳᠦᠭᠦᠯᠬᠦ ᠬᠡᠷᠡᠭᠲᠡᠢ᠃ ᠪᠠᠷᠠᠯᠠᠯᠳᠤ ᠴᠢᠨᠠᠷᠲᠠᠢ ᠬᠥᠲᠥᠯᠥᠨ ᠳᠠᠭᠠᠭᠤᠯᠬᠤ ᠭᠡᠯᠪᠡᠷᠢ᠂ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠭᠡᠯᠪᠡᠷᠢ᠂ ᠬᠡᠷᠡᠭᠯᠡᠭᠡᠨ ᠤ ᠲᠤᠯᠭᠠᠭᠤᠷᠢᠯᠠᠯ ᠤᠨ ᠭᠡᠯᠪᠡᠷᠢ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤᠮᠳᠠᠬᠢ ᠪᠠ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠭᠦ ᠠᠮᠢ ᠨᠠᠰᠤᠨ ᠤ ᠦᠶᠡᠯᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠨᠡᠭᠡᠭᠡᠯᠲᠡᠲᠤ ᠬᠠᠮᠲᠤ ᠪᠠᠷ ᠡᠳ᠋ᠯᠡᠭᠦ ᠲᠦᠪᠰᠢᠨ ᠪᠠ ᠠᠵᠢᠯᠯᠠᠭᠠᠨ ᠤ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠮᠵᠢᠭᠦᠷᠯᠢᠭ ᠲᠥᠬᠦᠭᠡᠷᠦᠮᠵᠢ᠂ ᠠᠵᠢᠯᠯᠠᠭᠤᠯᠬᠤ ᠰᠢᠰᠲ᠋ᠧᠮ ᠪᠣᠯᠣᠨ ᠰᠠᠭᠤᠷᠢ ᠵᠥᠭᠡᠯᠡᠨ ᠲᠤᠨᠤᠭ ᠢ ᠤᠯᠤᠰ ᠲᠠᠭᠠᠨ ᠦᠢᠯᠡᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠪᠣᠯᠣᠨ ᠠᠵᠤ ᠠᠬᠤᠶᠢᠯᠠᠯ ᠬᠠᠮᠲᠤᠷᠠᠨ ᠪᠣᠭᠤᠮᠲᠠ ᠰᠢᠪᠲᠤᠯᠬᠤ ᠶᠢ ᠵᠣᠷᠢᠭᠵᠢᠭᠤᠯᠵᠤ᠂ ᠤᠯᠤᠰ ᠲᠠᠭᠠᠨ ᠦᠢᠯᠡᠳᠪᠦᠷᠢᠯᠡᠬᠦ ᠦᠢᠯᠡᠳᠬᠦᠨ ᠢᠶᠠᠷ ᠣᠷᠣᠯᠠᠭᠤᠯᠬᠤ ᠲᠦᠪᠰᠢᠨ ᠪᠣᠯᠣᠨ ᠬᠡᠷᠡᠭᠯᠡᠬᠦ ᠬᠡᠪᠴᠢᠶ᠎ᠡ ᠶᠢ ᠳᠡᠭᠡᠭᠰᠢᠯᠡᠭᠦᠯᠵᠦ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠦᠢᠯᠡᠳᠪᠦᠷᠯᠡᠭᠰᠡᠨ ᠰᠤᠳᠤᠯᠭᠠᠨ ᠤ ᠲᠠᠪᠴᠠᠩ᠂ ᠬᠡᠮᠵᠢᠭᠦᠷᠯᠢᠭ ᠲᠥᠬᠦᠭᠡᠷᠦᠮᠵᠢ ᠪᠠᠷ ᠴᠢᠬᠤᠯᠠ ᠶᠡᠭᠡ ᠰᠠᠭᠤᠷᠢ ᠰᠤᠳᠤᠯᠭᠠᠨ ᠤ ᠠᠰᠠᠭᠤᠳᠠᠯ ᠢ ᠰᠢᠢᠳᠪᠦᠷᠢᠯᠡᠬᠦ ᠶᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃    ᠰᠢ ᠶᠢᠨ ᠫᠢᠩ᠂ ᠰᠠᠭᠤᠷᠢ ᠰᠤᠳᠤᠯᠭᠠᠨ ᠢ ᠴᠢᠩᠭᠠᠳᠬᠠᠬᠤ ᠳᠤ ᠡᠴᠦᠰ ᠤᠨ ᠡᠴᠦᠰ ᠲᠡᠭᠡᠨ ᠥᠨᠳᠥᠷ ᠲᠦᠪᠰᠢᠨ ᠪᠦᠬᠦᠢ ᠴᠢᠳᠠᠪᠤᠷᠢᠲᠠᠨ ᠳᠤ ᠲᠦᠰᠢᠭᠯᠡᠨ᠎ᠡ᠃ ᠡᠷᠬᠡᠪᠰᠢ ᠰᠢᠰᠲ᠋ᠧᠮᠵᠢᠭᠰᠡᠨ᠂ ᠳᠡᠭᠡᠳᠦ ᠲᠠᠰ ᠳᠠᠪᠬᠤᠷᠭ᠎ᠠ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠬᠦᠴᠦᠯᠡᠨ ᠪᠠᠶᠢᠭᠤᠯᠵᠤ᠂ ᠨᠠᠩ ᠣᠯᠠᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠥᠷᠢᠰᠦᠯᠳᠦᠭᠦᠯᠦᠨ ᠴᠣᠯᠭᠤᠷᠠᠭᠤᠯᠬᠤ ᠬᠡᠷᠡᠭᠲᠡᠢ᠃ ᠡᠯ᠎ᠡ ᠲᠦᠷᠦᠯ ᠤᠨ ᠴᠢᠳᠠᠪᠤᠷᠢᠲᠠᠨ ᠤ ᠲᠥᠯᠥᠪᠯᠡᠭᠡ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠳᠡᠮᠵᠢᠭᠦ ᠡᠷᠴᠢᠮ ᠢ ᠴᠢᠩᠭᠠᠷᠠᠭᠤᠯᠵᠤ ᠂ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠢ ᠬᠥᠮᠥᠵᠢᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠭᠤᠣᠯ ᠡᠭᠦᠷᠭᠡ ᠡᠭᠦᠷᠭᠡᠯᠡᠬᠦ᠂ ᠬᠦᠨᠳᠦ ᠡᠭᠦᠷᠭᠡ ᠡᠭᠦᠷᠭᠡᠯᠡᠬᠦ ᠶᠢ ᠲᠡᠮᠵᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠡᠩᠨᠡᠭᠡ ᠪᠣᠯᠣᠨ ᠲᠡᠷᠢᠭᠦᠨ ᠤ ᠰᠢᠨ᠎ᠡ ᠶᠢ ᠡᠭᠦᠳᠭᠦ ᠪᠦᠯᠭᠦᠮ ᠢ ᠲᠠᠰᠤᠷᠠᠯᠳᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠰᠠᠭᠤᠷᠢ ᠰᠤᠳᠤᠯᠭᠠᠨ ᠤ ᠴᠢᠳᠠᠪᠤᠷᠢᠲᠠᠨ ᠢ ᠵᠦᠷᠢᠶᠡᠴᠢᠯᠡᠨ ᠦᠨᠡᠯᠡᠭᠦ ᠪᠠ ᠤᠷᠳᠤ ᠦᠶᠡᠯᠡᠯ ᠤᠨ ᠬᠤᠭᠤᠴᠠᠭ᠎ᠠ ᠪᠠᠷ ᠳᠡᠮᠵᠢᠭᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠳᠤ ᠨᠡᠩ ᠶᠡᠭᠡ ᠬᠥᠮᠥᠨ ᠤ ᠬᠦᠴᠦ ᠵᠣᠭᠤᠰ ᠮᠥᠩᠭᠦ ᠡᠳ᠋ ᠪᠣᠳᠠᠰ ᠢ ᠡᠵᠡᠮᠳᠡᠬᠦ ᠡᠷᠬᠡ ᠪᠣᠯᠣᠨ ᠮᠡᠷᠭᠡᠵᠢᠯ ᠤᠨ ᠱᠤᠭᠤᠮ ᠤᠨ ᠰᠣᠩᠭᠤᠯᠲᠠ ᠶᠢᠨ ᠡᠷᠬᠡ ᠣᠯᠭᠤᠵᠤ᠂ ᠰᠠᠭᠤᠷᠢ ᠰᠤᠳᠤᠯᠭᠠᠨ ᠤ ᠵᠢᠮ᠎ᠡ ᠶᠣᠰᠣ ᠪᠣᠯᠣᠨ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠵᠢᠮ᠎ᠡ ᠶᠣᠰᠣᠨ ᠳᠤ ᠨᠡᠶᠢᠴᠡᠭᠦ ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠰᠤᠷᠲᠠᠯ ᠪᠣᠯᠣᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠢ ᠬᠥᠲᠥᠯᠥᠨ ᠳᠠᠭᠠᠭᠤᠯᠵᠤ ᠪᠠᠶᠢᠭᠠᠳ ᠣᠷᠭᠢᠶ᠎ᠠ ᠰᠤᠷᠲᠠᠯ ᠢ ᠨᠢ ᠲᠠᠶᠠᠭᠳᠠᠭᠤᠯᠵᠤ᠂ ᠬᠦᠯᠢᠴᠡᠩᠭᠦᠢ ᠪᠤᠰᠤ ᠪᠠᠶᠢᠳᠠᠯ ᠢ ᠨᠢ ᠲᠡᠪᠴᠢᠭᠦᠯᠵᠦ᠂ ︽ᠬᠦᠢᠲᠡᠨ ᠰᠠᠨᠳᠠᠯᠢ︾ ᠳᠤ ᠯᠠᠪᠳᠠᠭᠤᠨ ᠲᠣᠭᠲᠠᠭᠤᠨ ᠰᠠᠭᠤᠯᠭᠠᠬᠤ ᠬᠡᠷᠡᠭᠲᠡᠢ᠃ ᠰᠠᠭᠤᠷᠢ ᠰᠤᠳᠤᠯᠭᠠᠨ ᠤ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ᠳᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠰᠣᠳᠣᠨ ᠴᠢᠳᠠᠪᠤᠷᠢᠲᠠᠨ ᠤ ᠲᠥᠯᠥᠪᠯᠡᠭᠡ︾᠂ ︽ᠰᠠᠭᠤᠷᠢ ᠶᠢ ᠪᠠᠬᠢᠵᠢᠭᠦᠯᠬᠦ ᠲᠥᠯᠥᠪᠯᠡᠭᠡ︾᠂ ︽ᠰᠠᠭᠤᠷᠢ ᠰᠢᠨᠵᠢᠯᠡᠭᠡᠨ ᠤ ᠰᠠᠯᠠᠭᠠᠨ ᠤ ᠣᠷᠦ᠋ᠢᠯᠠᠭᠰᠠᠨ ᠰᠤᠷᠤᠬᠴᠢᠳ ᠢ ᠬᠥᠮᠥᠵᠢᠭᠦᠯᠬᠦ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ᠂ ᠰᠠᠭᠤᠷᠢ ᠰᠢᠨᠵᠢᠯᠡᠭᠡᠨ ᠤ ᠰᠠᠯᠠᠭᠠᠨ ᠤ ᠰᠤᠷᠭᠠᠨ ᠬᠥᠮᠦᠵᠢᠯ ᠤᠨ ᠰᠢᠰᠲ᠋ᠧᠮ ᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠢᠯᠠᠩᠭᠤᠶ᠎ᠠ ︽ᠬᠤᠣᠰ ᠲᠡᠷᠢᠭᠦᠨ ᠵᠡᠷᠭᠡ︾ ᠶᠢᠨ ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠭᠤᠣᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠪᠠᠴᠢᠮ ᠬᠡᠷᠡᠭᠰᠡᠬᠦ ᠳᠡᠭᠡᠳᠦ ᠲᠡᠰ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠬᠡᠪᠴᠢᠶ᠎ᠡ ᠨᠢ ᠠᠤᠭ᠎ᠠ ᠶᠡᠭᠡ ᠰᠠᠭᠤᠷᠢ ᠰᠤᠳᠤᠯᠭᠠᠨ ᠤ ᠪᠡᠯᠡᠳᠬᠡᠯ ᠬᠦᠴᠦᠨ ᠢ ᠲᠠᠰᠤᠷᠠᠯᠳᠠ ᠦᠭᠡᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠥᠮᠥᠨ ᠲᠥᠷᠥᠯᠬᠢᠲᠡᠨ ᠬᠠᠮᠲᠤ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ᠂ ᠤᠯᠠᠨ ᠤᠯᠤᠰ ᠤᠨ ᠬᠠᠮᠲᠤᠷᠠᠯᠴᠠᠭ᠎ᠠ ᠪᠣᠯᠣᠨ ᠨᠡᠭᠡᠭᠡᠯᠲᠡ ᠬᠢᠵᠦ ᠬᠠᠮᠲᠤ ᠪᠠᠷ ᠡᠳ᠋ᠯᠡᠭᠦ ᠶᠢ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠱᠠᠭᠠᠷᠳᠠᠵᠤ ᠪᠠᠶᠢᠨ᠎ᠠ᠃ ᠤᠯᠠᠨ ᠤᠯᠤᠰ ᠤᠨ ᠰᠠᠭᠤᠷᠢ ᠰᠤᠳᠤᠯᠭᠠᠨ ᠤ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠮᠥᠩᠭᠦ ᠶᠢ ᠪᠠᠶᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠭᠠᠳᠠᠭᠠᠳᠤ ᠨᠡᠭᠡᠭᠡᠯᠲᠡ ᠶᠢᠨ ᠡᠷᠴᠢᠮ ᠢ ᠴᠢᠩᠭᠠᠷᠠᠭᠤᠯᠵᠤ᠂ ᠠᠭᠤᠷ ᠠᠮᠢᠰᠬᠤᠯ ᠤᠨ ᠬᠤᠪᠢᠷᠠᠯᠲᠠ᠂ ᠡᠨᠧᠷᠭᠢ ᠶᠢᠨ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ᠂ ᠭᠠᠳᠠᠷ ᠳᠠᠪᠬᠤᠷᠭ᠎ᠠ ᠶᠢᠨ ᠣᠷᠣᠨ ᠵᠠᠢ ᠶᠢᠨ ᠠᠰᠢᠭᠯᠠᠯᠲᠠ ᠵᠡᠷᠭᠡ ᠪᠦᠭᠦ ᠪᠥᠮᠪᠥᠷᠴᠡᠭ ᠤᠨ ᠠᠰᠠᠭᠤᠳᠠᠯ ᠤᠨ ᠲᠣᠭᠤᠷᠢᠨ ᠳᠤ᠂ ᠳᠤᠮᠳᠠᠳᠤ ᠭᠠᠳᠠᠭᠠᠳᠤ ᠶᠢᠨ ᠬᠠᠮᠲᠤᠷᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠢ ᠥᠷᠭᠡᠳᠬᠡᠨ ᠭᠦᠨᠵᠡᠭᠡᠶᠢᠷᠡᠭᠦᠯᠬᠦ ᠬᠡᠷᠡᠭᠲᠡᠢ᠃ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠤᠷᠢᠳᠴᠢᠯᠠᠨ ᠲᠥᠰᠥᠪᠯᠡᠬᠦ ᠪᠠ ᠭᠦᠨᠵᠡᠭᠡᠢ ᠣᠷᠣᠯᠴᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠳᠤ ᠣᠷᠤᠯᠴᠠᠬᠤ ᠪᠤᠶᠤ ᠲᠡᠭᠦᠨ ᠢ ᠡᠭᠦᠰᠬᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠶᠢᠨ ᠤᠯᠠᠨ ᠤᠯᠤᠰ ᠯᠤᠭ᠎ᠠ ᠵᠣᠯᠭᠠᠯᠴᠠᠭ᠎ᠠ ᠬᠢᠬᠦ ᠶᠢ ᠳᠡᠮᠵᠢᠭᠦ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠨᠡᠭᠡᠭᠡᠯᠲᠡ᠂ ᠢᠲᠡᠭᠡᠯᠴᠡᠭᠡ᠂ ᠬᠠᠮᠲᠤᠷᠠᠯᠴᠠᠭ᠎ᠠ ᠶᠢ ᠴᠢᠷᠮᠠᠶᠢᠨ ᠨᠡᠮᠡᠭᠳᠡᠭᠦᠯᠵᠦ᠂ ᠨᠡᠩ ᠤᠯᠠᠨ ᠴᠢᠬᠤᠯᠠ ᠶᠡᠭᠡ ᠤᠤᠭᠠᠯ ᠡᠭᠦᠳᠦᠯᠲᠡ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠪᠠᠷ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢᠨ ᠬᠠᠮᠲᠤ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠮᠤᠷ ᠲᠦᠪᠰᠢᠨ ᠤ ᠠᠰᠢᠭ ᠲᠤᠰᠠ ᠶᠢ ᠪᠦᠲᠦᠮᠵᠢᠲᠡᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠮᠠᠨ ᠤ ᠤᠯᠤᠰ ᠤᠨ ᠬᠡᠳᠦᠨ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠦᠷᠭᠦᠯᠵᠢᠯᠡᠨ ᠲᠡᠮᠡᠴᠡᠵᠦ ᠪᠠᠶᠢᠭᠠᠳ ᠴᠣᠭᠴᠠᠯᠠᠭᠰᠠᠨ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ᠂ ᠪᠠᠷᠠᠭᠤᠨᠰᠢ ᠨᠡᠭᠦᠭᠰᠡᠨ ᠵᠣᠷᠢᠭ ᠰᠠᠨᠠᠭ᠎ᠠ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢᠨ ᠳᠣᠬᠢᠭᠤᠷ ᠲᠤᠯᠤᠭᠠᠨ ᠤᠳᠤᠨ ᠤ ᠵᠣᠷᠢᠭ ᠰᠠᠨᠠᠭ᠎ᠠ ᠵᠡᠷᠭᠡ ᠨᠢ ᠳᠤᠮᠳᠠᠳᠤ ᠤᠯᠤᠰ ᠤᠨ ᠣᠨᠴᠠᠯᠢᠭ ᠲᠠᠢ ᠰᠢᠨ᠎ᠡ ᠶᠢ ᠡᠭᠦᠳᠭᠦ ᠠᠮᠢ ᠠᠬᠤᠢ ᠶᠢ ᠬᠠᠮᠲᠤ ᠪᠠᠷ ᠴᠣᠭᠴᠠᠯᠠᠵᠤ᠂ ᠰᠠᠭᠤᠷᠢ ᠰᠤᠳᠤᠯᠭᠠᠨ ᠤ ᠬᠥᠭᠵᠢᠯᠲᠡ ᠶᠢ ᠲᠤᠯᠭᠠᠭᠤᠷᠢᠯᠠᠬᠤ ᠳᠤᠨᠳᠠᠷᠠᠰᠢ ᠦᠭᠡᠢ ᠬᠥᠳᠡᠯᠭᠡᠬᠦ ᠬᠦᠴᠦᠨ ᠪᠣᠯᠵᠠᠢ᠃ ᠨᠡᠶᠢᠭᠡᠮ ᠳᠠᠶᠠᠭᠠᠷ ᠲᠤ ᠦᠨᠡᠨ ᠶᠣᠰᠣ ᠶᠢ ᠬᠥᠭᠡᠭᠡᠴᠡᠯᠳᠦᠬᠦ᠂ ᠨᠣᠶᠠᠨ ᠤᠷᠭᠢᠯ ᠳᠤ ᠵᠣᠷᠢᠭᠲᠠᠢ ᠪᠠᠷ ᠠᠪᠠᠷᠢᠬᠤ ᠰᠢᠨᠵᠢᠯᠡᠬᠦ ᠤᠬᠠᠭᠠᠨᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠠᠭᠤᠷᠢ ᠰᠤᠳᠤᠯᠭᠠᠨ ᠵᠡᠷᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠷᠢᠶᠡᠨ ᠳᠤ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠠ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠨ ᠤ ᠤᠯᠤᠰ ᠣᠷᠣᠨ ᠤ ᠪᠠᠨ ᠲᠥᠯᠥᠭᠡ ᠵᠢᠳᠭᠦᠭᠦ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠢᠷᠠᠭᠤ ᠠᠯᠳᠠᠷᠲᠤ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠤ᠂ ᠥᠭᠦᠯᠡᠯ ᠢᠶᠠᠨ ᠡᠬᠡ ᠤᠯᠤᠰ ᠤᠨ ᠡᠬᠡ ᠭᠠᠵᠠᠷ ᠳᠡᠭᠡᠷ᠎ᠡ ᠪᠢᠴᠢᠭᠦ ᠪᠤᠯᠭᠠᠬᠤ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠤᠯᠠᠨ ᠠᠷᠭ᠎ᠠ ᠵᠠᠮ ᠢᠶᠠᠷ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮᠵᠢᠯᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠮᠵᠢᠯᠲᠠ ᠪᠦᠲᠦᠮᠵᠢ ᠶᠢ ᠢᠯᠡᠷᠡᠭᠦᠯᠵᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠳᠡᠭᠡᠳᠦᠯᠡᠬᠦ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠳᠤᠮᠳᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠨᠡᠮᠡᠯᠲᠡ ᠶᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠰᠣᠨᠢᠭᠤᠴᠢ ᠰᠡᠳᠬᠢᠯ᠂ ᠲᠥᠰᠥᠭᠡᠯᠡᠨ ᠪᠤᠳᠤᠬᠤ ᠴᠢᠳᠠᠪᠤᠷᠢ᠂ ᠬᠠᠶᠢᠨ ᠰᠦᠪᠡᠭᠴᠢᠯᠡᠬᠦ ᠬᠦᠰᠡᠯ ᠢ ᠬᠥᠭᠵᠢᠭᠡᠵᠦ᠂ ᠰᠢᠨᠵᠢᠯᠡᠬᠦ ᠤᠬᠠᠭᠠᠨᠲᠠᠨ ᠤ ᠲᠠᠯᠲᠠ ᠴᠢᠨᠠᠷ ᠢ ᠪᠦᠷᠢᠯᠳᠦᠭᠦᠯᠦᠭᠰᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠰ ᠲᠤ ᠪᠡᠶ᠎ᠡ ᠪᠠᠨ ᠵᠣᠷᠢᠭᠤᠯᠬᠤ ᠳᠤᠷᠠᠲᠠᠢ ᠵᠠᠯᠠᠭᠤᠴᠤᠳ ᠪᠠᠭᠠᠴᠤᠳ ᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ ᠬᠠᠮᠤᠭ ᠰᠡᠭᠦᠯ ᠳᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠮᠡᠳᠡᠯᠭᠡ ᠶᠢ ᠰᠤᠷᠤᠯᠴᠠᠵᠤ᠂ ᠰᠢᠨᠵᠢᠯᠡᠬᠦ ᠤᠬᠠᠭᠠᠨᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠬᠦᠯᠢᠶᠡᠰᠦ ᠶᠢ ᠨᠢ ᠠᠯᠳᠠᠷᠠᠭᠠᠨ ᠳᠠᠷᠤᠭᠠᠰᠤ ᠶᠢ ᠨᠢ ᠬᠥᠩᠭᠡᠷᠡᠭᠦᠯᠵᠦ᠂ ᠡᠷᠴᠢ ᠵᠣᠷᠢᠭ ᠢ ᠨᠢ ᠬᠥᠪᠴᠢᠯᠡᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠤᠬᠠᠢ ᠨᠠᠮ ᠤᠨ ᠲᠥᠪ ᠬᠤᠷᠢᠶ᠎ᠠ ᠶᠢᠨ ᠠᠯᠢ ᠤᠯᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃        
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号