ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ | ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠲᠤᠬᠠᠢ | ᠪᠠᠶᠢᠷᠢᠯᠠᠭᠤᠯᠪᠠ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ | ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠳᠤᠷ᠎ᠠ ᠪᠠᠷ ᠢᠶᠠᠨ ᠰᠦᠢᠳᠬᠡᠯ | ᠬᠤᠷᠢᠶᠠᠭᠰᠠᠨ ᠢ ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ | ᠱᠠᠭᠠᠷᠳᠠᠪᠠ ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 22 ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 22 ᠤᠨ | ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ | ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠥᠯᠥᠭᠡᠯᠡᠭᠴᠢᠳ | ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ ᠠᠵᠢᠯ ᠢ ᠰᠠᠶᠢᠲᠤᠷ ᠲᠤᠬᠠᠢ ᠪᠠᠶᠢᠷᠢᠯᠠᠭᠤᠯᠪᠠ︔ ᠠᠵᠤ | ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠢ ᠴᠡᠭᠴᠡᠯᠡᠨ ᠵᠠᠰᠠᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠭᠰᠠᠨ ᠢ | ᠴᠡᠭᠴᠡᠯᠡᠨ ᠵᠠᠰᠠᠭᠰᠠᠨ ᠦᠷ᠎ᠡ ᠳ᠋ᠦᠩ ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠵᠠᠰᠠᠭ ᠤᠨ ᠣᠷᠳᠣᠨ ᠤ ᠡᠷᠬᠡ ᠠᠷᠠᠳ ᠲᠦᠮᠡᠨ ᠠᠴᠠ ᠢᠷᠡᠯᠲᠡ ᠲᠠᠢ᠂ ᠵᠠᠰᠠᠭ | ᠶᠠᠪᠤᠭᠤᠯᠬᠤ ᠳᠤ ᠪᠠᠨ ᠡᠷᠬᠡᠪᠰᠢ ᠠᠷᠠᠳ ᠲᠦᠮᠡᠨ ᠤ ᠬᠦᠰᠡᠯ ᠨᠠᠶᠢᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠣᠯ ᠵᠠᠰᠠᠭ ᠤᠨ ᠣᠷᠳᠣᠨ ᠤ | ᠠᠷᠠᠳ ᠤᠨ ᠰᠠᠨᠠᠭ᠎ᠠ ᠶᠢ ᠰᠣᠨᠣᠰᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢᠨ ᠳᠣᠲᠣᠭᠠᠳᠤ ᠱᠠᠭᠠᠷᠳᠠᠯᠭ᠎ᠠ | ᠮᠥᠨ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢᠶᠠᠨ ᠬᠠᠯᠠᠨ | ᠰᠠᠶᠢᠵᠢᠷᠠᠭᠤᠯᠬᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠪᠦᠷᠢ ᠲᠦᠷᠦ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠳᠠᠭ᠃ ᠨᠢᠳᠤᠨᠤᠨ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ | ᠮᠥᠴᠢᠷ ᠤᠨ ᠬᠢᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠳᠡ 8721 ᠬᠤᠪᠢ᠂ ᠭᠡᠰᠢᠭᠦᠳ ᠤᠨ ᠰᠠᠨᠠᠯ | ᠳᠤᠷᠠᠳᠤᠯᠭ᠎ᠠ ᠶᠢ ᠨᠡᠶᠢᠳᠡ 5865 ᠬᠤᠪᠢ ᠰᠢᠢᠳᠪᠦᠷᠢᠯᠡᠪᠡ᠃ ᠡᠨᠡ ᠨᠢ ᠲᠤᠰ ᠲᠤᠰ ᠰᠠᠨᠠᠭᠤᠯᠭ᠎ᠠ᠂ ᠰᠠᠨᠠᠯ | ᠳᠤᠷᠠᠳᠤᠯᠭ᠎ᠠ ᠶᠢᠨ ᠪᠦᠬᠦ ᠲᠣᠭᠠᠨ ᠤ 94.8%᠂ 95% ᠶᠢ ᠡᠵᠡᠯᠡᠪᠡ᠃ ᠥᠩᠭᠡᠷᠡᠭᠰᠡᠨ 5 ᠵᠢᠯ ᠳᠤ᠂ | ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠡᠶᠢᠳᠡ 1.8 ᠲᠦᠮᠡ ᠭᠠᠷᠤᠢ ᠵᠤᠷᠪᠤᠰ ᠭᠥᠯᠢᠶᠡᠨ | ᠠᠪᠴᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ 7800 ᠭᠠᠷᠤᠢ ᠵᠤᠷᠪᠤᠰ | ᠨᠡᠶᠢᠲᠡᠯᠡᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠪᠠ ᠠᠷᠠᠳ ᠤᠯᠠᠨ ᠤ ᠪᠠᠴᠢᠮ ᠪᠡᠷᠬᠡ ᠵᠣᠪᠠᠨᠢᠯ | ᠬᠦᠰᠡᠯ ᠳᠤ ᠬᠤᠯᠪᠣᠭᠳᠠᠭᠰᠠᠨ ᠮᠠᠰᠢ ᠤᠯᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠡᠯ᠎ᠡ ᠰᠠᠯᠠᠭ᠎ᠠ | ᠮᠥᠴᠢᠷ ᠤᠨ ᠬᠢᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠣᠨ ᠤ ᠭᠤᠣᠯᠳᠠᠯᠭ᠎ᠠ ᠲᠠᠢ ᠡᠭᠦᠷᠭᠡ ᠪᠠᠨ | ᠪᠣᠯᠭᠠᠵᠤ᠂ ᠢᠳᠡᠪᠬᠢᠲᠡᠢ ᠪᠠᠷ ᠬᠠᠶᠢᠨ ᠰᠦᠪᠡᠭᠴᠢᠯᠡᠬᠦ ᠪᠠ ᠰᠢᠨᠡᠴᠢᠯᠡᠵᠦ᠂ ᠱᠠᠲᠤ ᠬᠤᠪᠢᠶᠠᠨ ᠬᠠᠷᠢᠭᠤᠴᠠᠬᠤ᠂ ᠡᠬᠡ | ᠲᠠᠩᠰᠠ ᠶᠢ ᠬᠠᠮᠢᠶᠠᠷᠬᠤ᠂ ᠮᠥᠷᠳᠡᠨ ᠰᠢᠮᠳᠠᠭᠤᠯᠵᠤ ᠰᠢᠢᠳᠪᠦᠷᠢᠯᠡᠬᠦ᠂ ᠨᠢᠭᠡᠳ ᠨᠢᠭᠡ ᠪᠠᠷ ᠬᠠᠷᠢᠭᠤᠯᠲᠠ ᠥᠭᠬᠦ ᠵᠡᠷᠭᠡ | ᠲᠣᠭᠲᠠᠴᠠ ᠶᠢ ᠨᠡᠶᠢᠳᠡᠮ ᠪᠠᠶᠢᠭᠤᠯᠵᠤ᠂ ᠨᠡᠯᠢᠶᠡᠳ ᠲᠡᠭᠦᠯᠳᠡᠷᠵᠢᠭᠰᠡᠨ ᠵᠢᠷᠤᠮᠵᠢᠭᠰᠠᠨ ᠳᠦᠷᠢᠮ ᠢ ᠪᠦᠷᠢᠯᠳᠦᠭᠦᠯᠪᠡ︔ | ᠲᠥᠯᠥᠭᠡᠯᠡᠭᠴᠢᠳ ᠪᠠ ᠭᠡᠰᠢᠭᠦᠳ ᠯᠦᠭᠡ ᠶᠢᠨ ᠣᠶᠢᠯᠠᠭᠠᠯᠴᠠᠭ᠎ᠠ ᠪᠠᠨ ᠨᠢᠭᠲᠠᠷᠠᠭᠤᠯᠵᠤ᠂ ᠰᠢᠢᠳᠪᠦᠷᠢᠯᠡᠬᠦ ᠠᠴᠠ | ᠡᠮᠦᠨ᠎ᠡ᠂ ᠰᠢᠢᠳᠪᠦᠷᠢᠯᠡᠬᠦ ᠶᠠᠪᠤᠴᠠ ᠳᠤ᠂ ᠰᠢᠢᠳᠪᠦᠷᠢᠯᠡᠵᠦ ᠳᠠᠭᠤᠰᠤᠭᠰᠠᠨ ᠤ ᠳᠠᠷᠠᠭᠠᠬᠢ ᠵᠣᠯᠭᠠᠭᠤᠯᠵᠤ | ᠬᠠᠷᠢᠯᠴᠠᠬᠤ ᠪᠠᠨ ᠴᠢᠩᠭᠠᠳᠬᠠᠵᠤ᠂ ︽ᠪᠢᠴᠢᠭ ᠬᠠᠷ᠎ᠠ ᠪᠠᠷ ᠶᠠᠪᠤᠯᠴᠠᠬᠤ︾ ᠠᠴᠠ ︽ᠬᠥᠮᠥᠰ ᠬᠤᠭᠤᠷᠣᠨᠳᠤ ᠪᠠᠨ | ᠶᠠᠪᠤᠯᠴᠠᠬᠤ︾ ᠲᠡᠶᠢᠰᠢ ᠬᠤᠪᠢᠷᠠᠭᠤᠯᠬᠤ ᠶᠢ ᠴᠢᠬᠤᠯᠠᠴᠢᠯᠠᠵᠤ᠂ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠦᠨ ᠲᠠᠰ ᠳᠠᠪᠬᠤᠷᠭ᠎ᠠ ᠶᠢᠨ ᠬᠡᠮ ᠰᠣᠭᠤᠭ ᠢ ᠰᠤᠳᠤᠯᠤᠨ ᠰᠢᠢᠳᠪᠦᠷᠢᠯᠡᠵᠦ | ᠂ ᠦᠷ᠎ᠡ ᠪᠦᠲᠦᠭᠡᠯ ᠢ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠬᠤ ᠶᠢ ᠠᠬᠢᠭᠤᠯᠵᠤ᠂ ᠨᠢᠭᠡ ᠪᠠᠷ | ᠣᠯᠠᠨ ᠢ ᠳᠠᠶᠢᠴᠢᠯᠠᠨ ᠠᠵᠢᠯ ᠢᠶᠠᠨ ᠪᠣᠳᠠᠲᠠᠢ ᠪᠠᠷ ᠠᠬᠢᠭᠤᠯᠬᠤ ᠬᠡᠷᠡᠭᠲᠡᠢ᠃ ᠡᠨᠡ ᠵᠢᠯ ᠤᠨ ᠪᠦᠬᠦ ᠤᠯᠤᠰ ᠤᠨ | ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠥᠩᠭᠡᠷᠡᠭᠰᠡᠨ ᠤ ᠪᠣᠳᠠᠲᠠᠢ ᠠᠷᠭ᠎ᠠ ᠬᠢᠳᠡᠯ ᠢᠶᠠᠨ | ᠳ᠋ᠦᠩᠨᠡᠵᠦ᠂ ᠲᠥᠯᠥᠭᠡᠯᠡᠭᠴᠢᠳ ᠪᠣᠯᠣᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠬᠤ ᠬᠡᠷᠡᠭᠲᠡᠢ᠃ | ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ | ᠣᠷᠤᠯᠴᠠᠬᠤ ᠪᠤᠶᠤ ᠬᠤᠷᠠᠯ ᠢ ᠰᠤᠯᠠ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠤᠯᠠᠨ ᠠᠷᠭ᠎ᠠ ᠵᠠᠮ ᠢᠶᠠᠷ | ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢᠳ ᠪᠣᠯᠣᠨ ᠭᠡᠰᠢᠭᠦᠳ ᠲᠠᠢ ᠨᠡᠪᠲᠡᠷᠡᠯᠴᠡᠬᠦ ᠬᠡᠷᠡᠭᠲᠡᠢ᠃ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠠᠵᠢᠯᠲᠠᠨ ᠲᠣᠬᠢᠷᠠᠭᠤᠯᠵᠤ ᠦᠷᠭᠦᠯᠵᠢᠯᠡᠨ ᠲᠤᠬᠠᠢ ᠶᠢᠨ | ᠲᠠᠯᠠᠪᠤᠷ ᠲᠤ ᠰᠠᠨᠠᠯ ᠰᠠᠨᠠᠭᠤᠯᠭ᠎ᠠ ᠶᠢ ᠰᠤᠯᠠ ᠰᠣᠨᠣᠰᠤᠭᠤᠯᠵᠤ᠂ ᠰᠢᠢᠳᠪᠦᠷᠢᠯᠡᠬᠦ ᠴᠢᠬᠤᠯᠠᠲᠠᠢ ᠪᠠᠶᠢᠪᠠᠯ ᠴᠠᠭ | ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠤᠨ ᠲᠤᠬᠠᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ | ᠲᠥᠯᠥᠭᠡᠯᠡᠭᠴᠢᠳ ᠪᠠ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠤᠳᠤᠯᠵᠤ᠂ ᠦᠨᠡᠨ ᠮᠡᠳᠡᠯᠭᠡ ᠨᠡᠪᠲᠡᠷᠬᠡᠢ | ᠦᠵᠡᠯᠲᠡ ᠶᠢ ᠢᠯᠡᠳᠬᠡᠯ ᠪᠠ ᠪᠣᠳᠠᠲᠠᠢ ᠠᠵᠢᠯ ᠤᠨ ᠳᠤᠮᠳᠠ ᠪᠠᠨ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠵᠢᠭᠠᠵᠤ ᠭᠠᠷᠭᠠᠬᠤ ᠳᠤ ᠪᠠᠨ᠂ ᠨᠢᠳᠤᠨᠤᠨ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ | ᠪᠣᠯᠣᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠳᠤ ᠰᠢᠭᠤᠳ ᠬᠠᠨᠳᠤᠭᠤᠯᠵᠤ᠂ ᠶᠡᠭᠡ ᠬᠡᠪᠴᠢᠶᠡᠨ ᠤ | ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠪᠠ ᠭᠠᠶᠢᠯᠢ ᠰᠦᠢᠳᠬᠡᠯ ᠢ | ᠬᠤᠶᠢᠰᠢᠯᠠᠭᠤᠯᠬᠤ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠷᠬᠡ ᠲᠡᠭᠰᠢ ᠲᠦᠭᠡᠮᠡᠯ | ᠬᠠᠷᠠᠭᠠᠯᠵᠠᠯ ᠲᠠᠢ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ | ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠲᠡᠳᠬᠦᠵᠦ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠸ᠎ᠠ ᠠᠵᠤ ᠠᠬᠤᠢ ᠶᠢᠨ ᠶᠡᠭᠡ | ᠲᠠᠯ᠎ᠠ ᠶᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠲᠤᠯᠭᠠᠭᠤᠷᠢᠯᠠᠬᠤ ᠦᠢᠯᠡᠳᠦᠯ ᠦᠵᠡᠭᠦᠯᠪᠡ᠃ ᠡᠯ᠎ᠡ ᠭᠠᠵᠠᠷ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢ ᠪᠣᠳᠣᠯᠬᠢᠯᠠᠵᠤ᠂ ᠦᠷ᠎ᠡ | ᠪᠦᠲᠦᠮᠵᠢ ᠰᠠᠶᠢᠲᠠᠢ ᠠᠵᠢᠯ ᠪᠠ ᠲᠤᠰᠬᠠᠢ ᠵᠦᠢᠯ ᠤᠨ ᠴᠡᠭᠴᠡᠯᠡᠯᠲᠡ ᠪᠠᠷ ᠠᠵᠤ ᠠᠬᠤᠶᠢᠯᠠᠯ ᠳᠤ ᠬᠤᠯᠪᠣᠭᠳᠠᠭᠰᠠᠨ | ᠰᠦᠢᠳᠬᠡᠯ ᠬᠤᠷᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠠᠬᠢᠭᠤᠯᠵᠤ᠂ ᠡᠭᠦᠨ ᠳᠤ 14 ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ | ᠰᠦᠢᠳᠬᠡᠯ ᠬᠤᠷᠢᠶᠠᠯᠲᠠ ᠪᠠ ᠬᠡᠰᠡᠭ ᠪᠠᠲᠤᠯᠠᠭ᠎ᠠ ᠶᠢᠨ ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ | ᠲᠤᠰᠢᠶᠠᠬᠤ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠠᠴᠠ ᠬᠤᠷᠢᠶᠠᠬᠤ ᠰᠦᠢᠳᠬᠡᠯ ᠢ | ᠬᠠᠰᠤᠵᠤ ᠬᠡᠯᠲᠦᠷᠢᠭᠦᠯᠬᠦ᠂ ᠭᠠᠷᠠᠮ ᠤᠨ ᠬᠤᠷᠢᠶᠠᠬᠤ ᠰᠦᠢᠳᠬᠡᠯ ᠢ ᠬᠠᠰᠤᠵᠤ ᠨᠡᠶᠢᠯᠡᠭᠦᠯᠬᠦ᠂ ᠤᠰᠤ ᠴᠠᠬᠢᠯᠭᠠᠨ ᠬᠡᠢ | ᠬᠡᠷᠡᠭᠯᠡᠬᠦ ᠰᠦᠢᠳᠬᠡᠯ ᠤᠨ ᠨᠥᠬᠦᠪᠦᠷᠢ ᠣᠯᠭᠤᠬᠤ ᠵᠡᠷᠭᠡ ᠶᠢ ᠪᠠᠭᠲᠠᠭᠠᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠰᠦᠢᠳᠬᠡᠯ ᠪᠤᠳᠤᠬᠤ ᠦᠢᠯᠡᠴᠢᠯᠡᠭᠡᠨ ᠤ ᠦᠨ᠎ᠡ ᠶᠢ ᠪᠠᠭᠤᠷᠠᠭᠤᠯᠬᠤ ᠶᠢ ᠰᠢᠮᠳᠠᠭᠤᠯᠤᠨ | ᠵᠢᠯᠤᠭᠤᠳᠴᠤ᠂ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠨ ᠤ ᠡᠪᠯᠡᠯ ᠤᠨ ᠰᠦᠢᠳᠬᠡᠯ ᠬᠤᠷᠢᠶᠠᠯᠲᠠ ᠶᠢ | ᠬᠠᠰᠤᠨ ᠬᠡᠯᠲᠦᠷᠢᠭᠦᠯᠵᠦ᠂ ᠲᠤᠰᠬᠠᠢ ᠴᠡᠭᠴᠡᠯᠡᠨ ᠵᠠᠰᠠᠯᠲᠠ ᠳᠤ ᠬᠤᠯᠪᠣᠭᠳᠠᠭᠰᠠᠨ ᠵᠣᠭᠤᠰ ᠤᠨ ᠲᠤᠭ᠎ᠠ 2100 | ᠳ᠋ᠦᠩᠰᠢᠭᠤᠷ ᠲᠥᠭᠦᠷᠢᠭ ᠢ ᠳᠠᠪᠠᠪᠠ︔ ᠡᠭᠦᠨ ᠤ ᠵᠡᠷᠭᠡ ᠳᠤ ᠠᠵᠤ ᠠᠬᠤᠶᠢᠯᠠᠯ ᠳᠤ ᠬᠤᠯᠪᠣᠭᠳᠠᠭᠰᠠᠨ | ᠲᠣᠭᠲᠠᠭᠠᠯ ᠠᠴᠠ ᠵᠥᠷᠢᠴᠡᠵᠦ ᠰᠦᠢᠳᠬᠡᠯ ᠬᠤᠷᠢᠶᠠᠭᠰᠠᠨ ᠢ ᠴᠢᠩᠭ᠎ᠠ ᠴᠡᠭᠴᠡᠯᠡᠨ ᠵᠠᠰᠠᠵᠤ᠂ ᠪᠦᠬᠦ ᠤᠯᠤᠰ ᠲᠤ | ᠬᠤᠯᠪᠣᠭᠳᠠᠯ ᠪᠦᠬᠦᠢ ᠠᠰᠠᠭᠤᠳᠠᠯ ᠢ ᠨᠡᠶᠢᠲᠡ 7700 ᠭᠠᠷᠤᠢ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠭᠰᠠᠨ | ᠵᠣᠭᠤᠰ ᠤᠨ ᠲᠤᠭ᠎ᠠ 50 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦᠨ ᠢ ᠴᠡᠭᠴᠡᠯᠡᠨ ᠵᠠᠰᠠᠬᠤ ᠪᠠᠷ | ᠱᠠᠭᠠᠷᠳᠠᠪᠠ ᠭᠡᠵᠡᠢ᠃ | ᠬᠤᠷᠠᠯ ᠠᠴᠠ᠂ ᠣᠳᠣᠬᠠᠨ ᠳᠤ ᠠᠵᠤ ᠠᠬᠤᠢ ᠶᠢᠨ ᠨᠡᠮᠡᠭᠳᠡᠯ ᠶᠠᠭ ᠲᠣᠭᠲᠠᠭᠤᠨ ᠢᠶᠠᠷ ᠳᠡᠭᠡᠭᠰᠢᠯᠡᠵᠦ ᠪᠠᠶᠢᠭ᠎ᠠ | ᠪᠣᠯᠪᠠᠴᠤ ᠮᠥᠨ ᠬᠦ ᠮᠠᠰᠢ ᠤᠯᠠᠨ ᠥᠷᠢᠰᠦᠯᠳᠦᠭᠡᠨ ᠳᠤ ᠲᠤᠯᠭᠠᠷᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠮᠥᠨ ᠬᠦ ᠨᠡᠯᠢᠶᠡᠳ ᠬᠦᠴᠢᠷᠳᠡᠯᠲᠡᠢ ᠪᠠᠶᠢᠨ᠎ᠠ | ᠂ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠯᠲᠠ ᠶᠢ ᠴᠡᠭᠴᠡᠯᠡᠨ | ᠵᠠᠰᠠᠬᠤ ᠶᠢ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠢᠭᠡᠨᠲᠡ | ᠨᠡᠶᠢᠲᠡᠯᠡᠭᠰᠡᠨ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠪᠠ ᠵᠠᠯᠭᠠᠮᠵᠢ ᠠᠷᠭ᠎ᠠ | ᠬᠡᠮᠵᠢᠶ᠎ᠡ ᠶᠢᠨ ᠳᠣᠲᠣᠷᠠᠬᠢ ᠵᠠᠷᠢᠮ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠤ ᠶᠢᠨ ᠪᠣᠳᠣᠯᠭ᠎ᠠ ᠨᠢ | ᠮᠥᠨ ᠬᠦ ᠦᠢᠯᠡᠳᠦᠯ ᠢᠶᠠᠨ ᠪᠠᠳᠠᠷᠠᠭᠤᠯᠬᠤ ᠣᠷᠣᠨ ᠵᠠᠢ ᠲᠠᠢ ᠪᠣᠯᠬᠤᠷ ᠨᠠᠶᠢᠳᠠᠪᠤᠷᠢᠵᠢᠭᠤᠯᠤᠯᠲᠠ ᠶᠢ ᠭᠦᠨᠵᠡᠭᠡᠢ | ᠰᠠᠶᠢᠲᠤᠷ ᠠᠳᠬᠤᠬᠤ ᠬᠡᠷᠡᠭᠲᠡᠢ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ | ᠲᠣᠷᠭᠠᠬᠤ᠂ ᠳᠤᠷ᠎ᠠ ᠪᠠᠷ ᠢᠶᠠᠨ ᠲᠡᠰᠬᠡᠨ ᠲᠠᠲᠠᠪᠤᠷᠢᠯᠠᠬᠤ ᠶᠠᠪᠤᠳᠠᠯ ᠢ ᠡᠷᠡᠰ ᠬᠤᠷᠢᠭᠯᠠᠨ ᠵᠣᠭᠰᠣᠭᠠᠵᠤ᠂ ᠤᠷᠳᠤ | ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠤᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ ᠳᠡᠯᠭᠡᠭᠦᠷ ᠤᠨ ᠵᠢᠱᠢᠯᠲᠡ ᠶᠢ ᠬᠥᠭᠵᠢᠭᠡᠵᠦ᠂ ᠠᠵᠤ ᠠᠬᠤᠢ ᠶᠢᠨ | ᠨᠡᠮᠡᠭᠳᠡᠯ ᠤᠨ ᠲᠣᠭᠲᠠᠭᠤᠨ ᠢᠶᠠᠷ ᠳᠡᠭᠡᠭᠰᠢᠯᠡᠬᠦ ᠬᠠᠨᠳᠤᠰᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ | |