ᠬᠢᠩᠭᠠᠨ ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/27
  2 ᠳ᠋ᠤᠭᠠᠷ ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠪᠥᠬᠦ ᠤᠯᠤᠰ᠂ ᠪᠥᠬᠦ ᠣᠷᠣᠨ ᠤ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠬᠢᠩᠭᠠᠨ ᠠᠶᠢᠮᠠᠭ ᠤᠨ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠪᠥᠬᠦ ᠤᠯᠤᠰ᠂ ᠪᠥᠬᠦ ᠣᠷᠣᠨ ᠤ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠯ᠎ᠡ ᠲᠠᠯ᠎ᠠ ᠶᠢᠨ ᠬᠢᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠠᠶᠢᠮᠠᠭ ᠤᠨ ᠡᠯ᠎ᠡ ᠵᠦᠢᠯ ᠤᠨ ᠠᠵᠢᠯ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠰᠡᠳᠬᠢᠯ ᠨᠢᠭᠡᠳᠦᠨ ᠠᠬᠢᠭᠤᠯᠬᠤ ᠶᠢ ᠬᠥᠲᠥᠯᠦᠨ ᠵᠢᠯᠣᠭᠤᠳᠬᠤ ᠪᠠ ᠳᠠᠶᠢᠴᠢᠯᠠᠬᠤ ᠪᠠ ᠤᠷᠮᠠᠰᠢᠭᠤᠯᠤᠨ ᠵᠣᠷᠢᠭᠵᠢᠭᠤᠯᠤᠨ᠎ᠠ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠢᠯᠡ ᠳᠦᠷᠦᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ︽ᠭᠤᠷᠪᠠ ᠶᠢ ᠰᠤᠷᠤᠯᠴᠠᠵᠦ ᠨᠢᠭᠡ ᠪᠦᠰᠡ ᠨᠢᠭᠡ ᠡᠭᠦᠳᠦᠯᠲᠡ︾ ︽ᠠᠨᠠᠷ ᠤᠨ ᠦᠷ᠎ᠡ ᠰᠢᠭ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠵᠡᠷᠭᠡ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ  ᠵᠢᠱᠢᠶ᠎ᠡ ᠦᠵᠡᠭᠦᠯᠬᠦ ᠠᠶᠢᠮᠠᠭ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ᠃ ︽ᠬᠤᠶᠠᠷ ᠡᠷᠡᠭᠦᠯ ᠮᠠᠨᠳᠤ︾ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯᠲᠠᠨ ᠤ ᠬᠥᠮᠦᠵᠢᠯ ᠪᠣᠯᠪᠠᠰᠤᠷᠠᠯ ᠤᠨ ᠠᠵᠢᠯ ᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠳᠡᠮᠵᠢᠬᠦ ᠬᠡᠷᠡᠭᠲᠡᠢ᠃ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ ᠤᠨ ᠲᠠᠪᠤᠨ ᠶᠡᠭᠡ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠬᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠢᠩᠭᠠᠨ ᠠᠶᠢᠮᠠᠭ ᠤᠨ ᠰᠠᠶᠢᠲᠤᠷ ᠬᠢᠬᠦ ᠶᠢ ᠱᠠᠭᠠᠷᠳᠠᠭᠰᠠᠨ ᠭᠤᠷᠪᠠᠨ ᠵᠦᠢᠯ ᠤᠨ ᠠᠵᠢᠯ ᠵᠡᠷᠭᠡ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠳᠡᠮᠵᠢᠬᠦ ᠬᠡᠷᠡᠭᠲᠡᠢ᠃ ᠰᠢᠨ᠎ᠡ ᠪᠠᠶᠢᠳᠠᠯ ᠤᠨ ᠳᠣᠣᠷᠠᠬᠢ ᠱᠠᠰᠢᠨ ᠰᠤᠷᠲᠠᠬᠤᠨ ᠤ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠢᠳᠡᠪᠬᠢᠲᠡᠢ ᠪᠥᠭᠡᠳ ᠡᠷᠡᠭᠦᠯ ᠱᠠᠰᠢᠨ ᠰᠤᠷᠲᠠᠬᠤᠨ ᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃ ᠨᠠᠮ ᠤᠨ ᠭᠠᠳᠠᠨᠠᠬᠢ ᠰᠡᠬᠡᠭᠡᠲᠡᠨ ᠪᠠ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠵᠤ᠂ ᠰᠢᠶᠠᠩᠭᠠᠩ ᠣᠣᠮᠧᠨ ᠲᠠᠶᠢᠸᠠᠨ ᠤ ᠨᠢᠭᠡᠳᠦᠮᠡᠯ ᠹᠷᠣᠨᠲ ᠤᠨ ᠠᠵᠢᠯ᠂ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠪᠠ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠬᠦ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠶ᠃ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃     ᠬᠤᠷᠠᠯ ᠠᠴᠠ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号