ᠬᠢᠩᠭᠠᠨ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/27
  2 ᠳ᠋ᠤᠭᠠᠷ ᠰᠠᠷ᠎ᠠ ᠶᠢᠨ 23 ᠤ ᠡᠳᠦᠷ᠂ ᠬᠢᠩᠭᠠᠨ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠪᠥᠬᠦ ᠠᠶᠢᠮᠠᠭ ᠤᠨ ᠬᠢᠵᠢᠭ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠠᠭ ᠢᠮᠠᠭᠲᠠ ᠰᠠᠨᠠᠭ᠎ᠠ ᠠᠮᠤᠷ ᠦᠭᠡᠶ ᠬᠠᠷᠢᠭᠤᠴᠠᠯᠭᠠᠲᠤ ᠰᠡᠳᠬᠢᠯᠭᠡ ᠪᠠᠷ ᠳᠤᠲᠠᠭᠤᠳᠠᠯ ᠢᠶᠠᠨ ᠨᠥᠬᠦᠪᠥᠷᠢᠯᠡᠨ᠂ ᠴᠢᠩᠭ᠎ᠠ ᠪᠠᠭᠤᠷᠠᠶ ᠵᠦᠢᠯ ᠢᠶᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠰᠡᠷᠡᠮᠵᠢᠯᠡᠨ ᠠᠩᠬᠠᠷᠴᠤ᠂ ︽ᠬᠡᠪᠲᠡᠬᠦ︾ ᠰᠡᠳᠬᠢᠬᠦᠶ ᠶᠢ ᠡᠷᠡᠰ ᠬᠤᠷᠢᠭᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠤᠯᠤᠰ ᠤᠨ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠶᠢᠩᠭᠤᠵᠢᠭᠤᠯᠤᠭᠰᠠᠨ ᠱᠠᠲᠤ ᠬᠤᠪᠢᠶᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠬᠥᠮᠦᠰ ᠤᠨ ᠡᠭᠡᠯᠢᠯᠡᠭᠡ ᠶᠢᠨ ᠲᠠᠷᠢᠯᠭ᠎ᠠ ᠶᠢᠨ ᠨᠣᠷᠮ᠎ᠠ ᠶᠢᠨ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ  ᠦᠢᠯᠡᠴᠢᠯᠡᠭᠡᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠬᠥᠮᠦᠰ ᠤᠨ ᠨᠡᠭᠦᠳᠡᠯ  ᠦᠢᠯᠡᠴᠢᠯᠡᠭᠡᠨ ᠤ ᠪᠠᠲᠤᠯᠠᠭ᠎ᠠ ᠪᠠ ᠰᠡᠷᠭᠡᠶᠢᠯᠡᠨ ᠡᠵᠡᠮᠳᠡᠬᠦ ᠶᠢ ᠲᠠᠰᠤᠷᠠᠯᠲᠠ ᠥᠬᠡᠶ ᠴᠢᠩᠭᠠᠳᠬᠠᠨ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠷᠠᠳ ᠣᠯᠠᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠡᠷᠡᠰ ᠰᠠᠶᠢᠲᠤᠷ ᠬᠠᠮᠠᠭᠠᠯᠠᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ  ᠬᠠᠩᠭᠠᠬᠤ ᠬᠡᠷᠡᠭᠲᠡᠢ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号