ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/27
    2 ᠳ᠋ᠤᠭᠠᠷ ᠰᠠᠷ᠎ᠠ ᠶᠢᠨ 26 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠩᠭᠠᠨ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ  ᠦᠢᠯᠡᠳᠪᠦᠷᠢᠯᠡᠯ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂  ᠶᠡᠷᠦᠩᠬᠡᠶ ᠱᠦᠵᠢ  ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠤᠳᠤᠷᠢᠳᠤᠯᠭ᠎ᠠ ᠶᠢ ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠡᠳᠬᠢᠯᠭᠡ ᠪᠠᠷ ᠢᠶᠠᠨ ᠰᠠᠶᠢᠲᠤᠷ ᠬᠢᠵᠦ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ  ᠲᠤᠭᠤᠰᠢᠯᠠᠭᠤᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠰᠢᠰᠲ᠋ᠧᠮᠵᠢ ᠶᠢᠨ ᠳᠤᠲᠠᠭᠤᠳᠠᠯ ᠪᠠᠭᠤᠷᠠᠶ ᠲᠠᠯ᠎ᠠ ᠶᠢ ᠦᠷᠭᠦᠯᠵᠢᠯᠡᠨ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠪᠠᠶᠢᠭᠤᠯᠤᠮᠵᠢ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠪᠠ ᠮᠠᠯᠵᠢᠬᠤ ᠲᠠᠷᠢᠶᠠᠯᠠᠬᠤ ᠣᠷᠣᠨ ᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤᠳᠬᠠᠨ᠎ᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ  ᠤᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠢᠨ ᠨᠤᠷᠠᠭᠰᠠᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠪᠠᠶᠢᠴᠠᠭᠠᠵᠤ᠂ ᠶᠡᠬᠡᠪᠡᠷ ᠴᠡᠭᠴᠡᠯᠡᠨ ᠵᠠᠰᠠᠬᠤ ᠶᠢ ᠥᠷᠨᠢᠭᠦᠯᠵᠦ᠂ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠨᠢᠭᠡᠳ ᠨᠢᠭᠡ ᠪᠠᠷ ᠰᠢᠯᠢᠨ ᠰᠣᠩᠭᠤᠵᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠦᠨᠡᠨᠬᠦ ᠢᠯᠡᠷᠡᠭᠦᠯᠵᠦ᠂ ᠦᠨᠡᠨᠬᠦ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠢᠩᠭᠠᠨ ᠠᠶᠢᠮᠠᠭ ᠤᠨ ᠡᠯ᠎ᠡ ᠱᠠᠲᠤᠨ ᠤ ᠨᠠᠮ ᠤᠨ  ᠬᠤᠷᠢᠶ᠎ᠠ ᠪᠣᠯᠤᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ  ᠤᠨ ᠱᠠᠯᠠᠪᠳᠠᠭᠤᠯᠤᠨ ᠪᠠᠶᠢᠴᠠᠭᠠᠬᠤ ᠠᠵᠢᠯ ᠳᠤ ᠬᠢᠭᠰᠡᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠰᠢᠨᠵᠢ ᠴᠢᠨᠠᠷ ᠢ ᠪᠠᠲᠤᠳᠬᠠᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠱᠠᠯᠠᠪᠳᠠᠭᠤᠯᠤᠨ ᠪᠠᠶᠢᠴᠠᠭᠠᠬᠤ ᠶᠢ ᠠᠳᠬᠤᠬᠤ᠂ ᠨᠠᠶᠢᠳᠠᠪᠤᠷᠢᠵᠢᠭᠤᠯᠬᠤ ᠶᠢ ᠪᠠᠲᠤᠯᠠᠬᠤ ᠶᠢ ᠨᠢᠭᠡ ᠴᠤᠭᠴᠠᠵᠢᠭᠤᠯᠤᠨ ᠪᠠᠶᠢᠷᠢᠯᠠᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠴᠢᠬᠤᠯᠠ ᠨᠥᠬᠦᠴᠡᠯ ᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠬᠢᠩᠭᠠᠨ ᠠᠶᠢᠮᠠᠭ ᠤᠨ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠤᠯᠲᠠ ᠶᠢᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠺᠠᠳ᠋ᠷ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠡᠯ᠎ᠡ ᠲᠦᠷᠦᠯ ᠤᠨ ᠴᠢᠳᠠᠪᠤᠷᠢᠲᠠᠨ ᠢ ᠬᠥᠮᠦᠵᠢᠭᠦᠯᠦᠨ ᠣᠷᠣᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠵᠣᠬᠢᠶᠠᠨ ᠪᠠᠶᠢᠭᠤᠯᠬᠤ ᠠᠵᠢᠯ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ  ᠭᠡᠵᠦ ᠴᠢᠩᠭᠠᠳᠬᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠬᠢᠩᠭᠠᠨ ᠠᠶᠢᠮᠠᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠪᠦᠬᠦ ᠤᠯᠤᠰ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠵᠥᠪ ᠲᠠᠯ᠎ᠠ ᠶᠢᠨ ᠤᠬᠠᠭᠤᠯᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠫᠠᠶᠢᠰᠠ ᠶᠢᠨ ᠲᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ᠂ ᠬᠡᠷᠡᠭᠯᠡᠬᠦ ᠪᠠ ᠬᠠᠮᠢᠶᠠᠷᠬᠤ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠠᠩᠭᠠᠬᠤ ᠬᠡᠷᠡᠭᠲᠡᠢ ᠭᠡᠪᠡ᠃    ᠬᠤᠷᠠᠯ ᠠᠴᠠ ︽2023 ᠣᠨ ᠤ ᠪᠦᠬᠦ ᠠᠶᠢᠮᠠᠭ ᠤᠨ ᠭᠤᠣᠯᠳᠠᠯᠭ᠎ᠠ ᠲᠠᠢ᠂ ᠬᠢᠯᠠᠰ ᠴᠡᠭ ᠲᠠᠢ᠂ ᠬᠦᠴᠢᠷ ᠠᠵᠢᠯ ᠤᠨ ︿ᠭᠤᠷᠪᠠᠨ ᠨᠠᠷᠢᠨ ᠳᠠᠩᠰᠠ﹀︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号