ᠵᠠᠩ ᠰᠢᠶᠤᠤ ᠪᠢᠩ  ᠠᠩᠭᠢ ᠳᠠᠭᠠᠭᠤᠯᠤᠨ ᠱᠠᠨᠳᠦ᠋ᠩ ᠮᠤᠵᠢ ᠳᠤ ᠬᠦᠷᠴᠦ  ᠬᠤᠳᠠᠯᠳᠤᠭᠠᠴᠢᠨ ᠤᠷᠢᠵᠤ ᠪᠡᠯᠡ ᠣᠷᠣᠭᠤᠯᠵᠠᠢ
ᠨᠡᠶᠢᠲᠡᠯᠡᠭᠰᠡᠨ ᠴᠠᠭ᠄
2023/2/27
    2 ᠰᠠᠷ᠎ᠠ ᠶᠢᠨ 22 ᠠᠴᠠ 25 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ  ᠠᠩᠭᠢ ᠳᠠᠭᠠᠭᠤᠯᠤᠨ ᠱᠠᠨᠳᠦ᠋ᠩ ᠤᠨ ᠱᠦᠢ ᠹᠠ ᠪᠦᠯᠦᠭᠯᠡᠯ᠂ ᠱᠠᠨᠳᠦ᠋ᠩ ᠤᠨ ᠰᠤᠶᠤᠯ ᠵᠤᠭᠠᠴᠠᠯ ᠤᠨ ᠪᠦᠯᠦᠭᠯᠡᠯ᠂ ᠱᠠᠨᠳᠦ᠋ᠩ ᠤᠨ ᠭᠠᠵᠠᠷ ᠰᠢᠷᠣᠢ ᠶᠢᠨ ᠪᠦᠯᠦᠭᠯᠡᠯ᠂ ᠴᠢᠩᠳᠣᠤ ᠶᠢᠨ ᠷᠦᠢ ᠶᠤᠸᠠᠨ ᠪᠦᠯᠦᠭᠯᠡᠯ᠂ ᠱᠸᠤ ᠭᠤᠸᠠᠩ  ᠶᠢᠨ ᠡᠷᠳᠡᠨᠢ ᠰᠢᠰᠢ ᠶᠢᠨ ᠨᠡᠭᠡᠭᠡᠨ ᠬᠥᠭᠵᠢᠭᠦᠯᠦᠯᠲᠡ᠂ ᠯᠠᠢ ᠡᠦ ᠲᠠᠢ ᠾᠧ  ᠠᠮᠢᠳᠤ ᠪᠤᠳᠠᠰ ᠤᠨ ᠬᠢᠮᠢ᠂ ᠶᠠᠩ ᠰᠢᠨ ᠨᠢᠦ ᡁᠢ ᠭᠦ᠋ ᠠᠵᠤ ᠦᠢᠯᠡᠰ ᠤᠨ ᠬᠦᠷᠢᠶᠡᠯᠡᠩ ᠵᠡᠷᠭᠡ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠲᠠᠢ ᠵᠥᠪᠳᠡᠯᠴᠡᠨ ᠵᠣᠯᠭᠠᠯᠴᠠᠪᠠ᠃ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠨᠠᠷᠢᠯᠢᠭ ᠪᠣᠯᠪᠠᠰᠤᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂  ᠵᠤᠭᠠᠴᠠᠯ ᠤᠨ ᠲᠥᠷᠥᠯ  ᠵᠦᠢᠯ ᠢ ᠨᠡᠭᠡᠭᠡᠨ ᠬᠥᠭᠵᠢᠭᠦᠯᠬᠦ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠬᠤ  ᠭᠦᠢᠴᠡᠳᠭᠡᠯ ᠲᠤᠭ᠎ᠠ ᠶᠢᠨ ᠠᠷᠠᠯᠵᠢᠶ᠎ᠠ ᠪᠠ ᠨᠠᠰᠤᠵᠢᠯ ᠤᠨ ᠠᠰᠠᠷᠠᠮᠵᠢ ᠶᠢᠨ ᠠᠵᠤ  ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号