2 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ | ᠬᠤᠷᠢᠶᠠᠨ ᠤ ᠱᠦᠵᠢ ᠰᠦᠨ ᠱᠤ᠋ ᠲᠤᠤ ᠬᠤᠲᠠ ᠶᠢᠨ ᠲᠣᠭᠤᠷᠢᠭ ᠲᠤ ᠭᠦᠨᠵᠡᠭᠡᠶᠢᠷᠡᠨ᠂ ᠬᠡᠰᠡᠭ ᠬᠤᠲᠠ ᠶᠢᠨ | ᠪᠦᠲᠦᠭᠡᠨ ᠪᠠᠶᠢᠭᠤᠯᠤᠯᠲᠠ ᠪᠠ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ᠃ ᠰᠦᠨ ᠱᠤ᠋ ᠲᠤᠤ ᠨᠠᠷ ᠤᠷᠢᠳ ᠬᠤᠵᠢᠳ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠢᠭᠤᠯᠴᠢᠯᠠᠯ ᠤᠨ ᠬᠤᠳᠠ᠂ ᠬᠤᠳᠠ ᠶᠢᠨ ᠳᠤᠮᠳᠠᠬᠢ ᠬᠤᠷᠴᠢᠨ ᠲᠠᠯ᠎ᠠ | ᠴᠡᠴᠡᠷᠯᠢᠭ᠂ ᠠᠶᠢᠮᠠᠭ ᠤᠨ ᠡᠷᠭᠢᠯᠲᠡ ᠶᠢᠨ ᠣᠷᠣᠨ ᠰᠠᠭᠤᠴᠠ ᠶᠢᠨ ᠡᠷᠬᠢᠨ ᠲᠣᠭᠤᠷᠢᠨ ᠤ ᠨᠣᠭᠤᠭᠠᠷᠠᠭᠤᠯᠤᠯᠲᠠ ᠶᠢᠨ | ᠢᠨᠵᠧᠨᠧᠷᠢᠩ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ᠂ ᠠᠵᠤ | ᠦᠢᠯᠡᠳᠪᠦᠷᠢ ᠶᠢᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠣᠶᠤᠨᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠲᠦᠷᠦᠯ ᠵᠦᠢᠯ ᠵᠡᠷᠭᠡ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠬᠢᠵᠡᠢ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠰᠦᠨ ᠱᠤ᠋ ᠲᠤᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠦᠷᠦᠯ ᠵᠦᠢᠯ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠲᠥᠰᠥᠯ᠂ ᠢᠨᠵᠧᠨᠧᠷᠢᠩ ᠤᠨ ᠠᠬᠢᠴᠠ ᠵᠢᠴᠢ | ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠣᠯᠣᠨ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ | ᠲᠦᠷᠦᠯ ᠵᠦᠢᠯ ᠢ ᠠᠬᠢᠭᠤᠯᠬᠤ ᠶᠠᠪᠤᠴᠠ ᠳᠤ ︽ᠬᠦᠴᠢᠷ ᠲᠦᠪᠡᠭᠲᠡᠢ ᠠᠰᠠᠭᠤᠳᠠᠯ︾ ᠳᠤ ᠴᠢᠭᠯᠡᠭᠦᠯᠦᠨ ᠲᠤᠬᠠᠢ ᠶᠢᠨ | ᠲᠠᠯᠠᠪᠠᠢ ᠳᠤ ᠠᠵᠢᠯᠯᠠᠪᠠ᠃ ᠰᠦᠨ ᠱᠤ᠋ ᠲᠤᠤ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠪᠣᠯᠣᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ | ᠬᠠᠮᠵᠢᠯᠴᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠷᠢᠭᠤᠴᠠᠯᠭ᠎ᠠ ᠪᠠᠨ ᠡᠭᠦᠷᠭᠡᠯᠡᠵᠦ᠂ | ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠦᠷᠦᠯ ᠵᠦᠢᠯ ᠢ | ᠠᠬᠢᠭᠤᠯᠬᠤ ᠶᠠᠪᠤᠴᠠ ᠳᠠᠬᠢ ᠬᠦᠴᠢᠷᠳᠡᠯ ᠪᠣᠯᠣᠨ ᠠᠰᠠᠭᠤᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ | ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠦᠬᠦ ᠶᠠᠪᠤᠴᠠ ᠶᠢᠨ | ᠦᠢᠯᠡᠴᠢᠯᠡᠭᠡ ᠪᠣᠯᠣᠨ ᠪᠦᠬᠦ ᠲᠠᠯ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠢᠭᠡᠴᠡ ᠨᠢ ᠦᠷ᠎ᠡ ᠪᠦᠲᠦᠮᠵᠢ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠪᠦᠲᠦᠭᠡᠨ | ᠪᠠᠶᠢᠭᠤᠯᠬᠤ ᠬᠠᠷᠠᠯᠲᠠ ᠶᠢ ᠴᠢᠩᠭ᠎ᠠ ᠠᠩᠬᠠᠷᠴᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ | ᠵᠢᠷᠤᠮᠯᠠᠨ᠂ ᠠᠵᠢᠯ ᠤᠨ ᠬᠤᠭᠤᠴᠠᠭ᠎ᠠ ᠶᠢ ᠵᠦᠢ ᠵᠣᠬᠢᠰᠲᠠᠢ ᠪᠠᠶᠢᠷᠢᠯᠠᠭᠤᠯᠵᠤ᠂ ᠬᠥᠮᠥᠨ ᠪᠠ ᠲᠥᠬᠦᠭᠡᠷᠦᠮᠵᠢ ᠶᠢ | ᠭᠦᠢᠴᠡᠳ ᠲᠣᠬᠢᠷᠠᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ | ᠬᠦᠴᠦᠨ ᠢᠶᠠᠷ ᠢᠶᠠᠨ ᠲᠦᠷᠭᠡᠳᠬᠡᠵᠦ᠂ ᠲᠥᠷᠥᠯ ᠵᠦᠢᠯ ᠢ ᠲᠥᠯᠥᠪᠯᠡᠭᠡ ᠶᠢᠨ ᠵᠠᠩᠭᠢᠯᠠᠭ᠎ᠠ ᠶᠢᠨ ᠴᠡᠭ ᠢᠶᠠᠷ ᠪᠠᠶᠢᠭᠤᠯᠤᠨ | ᠪᠦᠲᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠯᠢ ᠳ᠋ᠦᠩ᠂ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠶᠢᠨ ᠨᠡᠷ᠎ᠡ | ᠳᠤᠷᠠᠳᠤᠭᠳᠠᠭᠰᠠᠨ ᠵᠢᠱᠢᠭᠳᠡᠭᠴᠢ ᠵᠠᠩ ᠵᠢᠶᠦ᠋ᠨ ᠢᠦᠢ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ | |