ᠤᠯᠠᠭᠠᠨᠬᠤᠲᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/28
      ᠰᠢ ᠶᠢᠨ ᠫᠢᠩ ᠶᠡᠷᠦᠩᠬᠡᠢ ᠱᠦᠵᠢ᠂ ᠶᠡᠷᠦᠩᠬᠡᠢ ᠰᠠᠶᠢᠳ ᠯᠢ ᠺᠧ ᠴᠢᠶᠠᠩ ᠵᠢᠴᠢ ᠥᠪᠡᠷᠲᠡᠭᠡᠨ ᠵᠠᠰᠠᠬᠤ ᠣᠷᠣᠨ ᠤ ᠰᠦᠨ ᠱᠤᠤ ᠴᠧᠩ ᠱᠦᠵᠢ ᠶᠢᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠡᠭᠡ ᠬᠡᠪᠴᠢᠶ᠎ᠡ ᠪᠠᠷ ᠶᠡᠭᠦᠷᠡᠭᠰᠡᠨ ᠡ᠊ᠡᠳᠡᠯ ᠤᠨ ᠲᠤᠬᠠᠢ ᠦᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠶᠢᠨ ᠲᠥᠯᠥᠭᠡ᠂ 2 ᠰᠠᠷ᠎ᠠ ᠶᠢᠨ 24 ᠤ ᠡᠳᠦᠷ᠂ ᠤᠯᠠᠭᠠᠨᠬᠤᠲᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ᠃     ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠮᠠ ᠱᠦ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠬᠤᠳᠠ ᠶᠢᠨ ᠤᠳᠤᠷᠢᠳᠤᠯᠭ᠎ᠠ ᠭᠤᠸᠠᠨ ᠹᠧᠩ᠂ ᠵᠢᠶᠠᠩ ᠬᠤᠩ ᠵᠢᠶᠦ᠋ᠨ᠂ ᠯᠢ ᠶᠢᠩ ᠺᠦᠨ᠂ ᠸᠠᠩ ᠭᠦᠸᠧ ᠠᠨ᠂ ᠵᠠᠩ ᠵᠢᠩ ᠵᠢᠩ᠂ ᠸᠠᠩ ᠬᠠᠢ ᠵᠢᠶᠠᠩ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠪᠠᠶᠢᠭᠤᠯᠭ᠎ᠠ ᠨᠢᠭᠡᠴᠢ ᠵᠢᠴᠢ ᠡᠯ᠎ᠡ ᠪᠠᠯᠭᠠᠰᠤ ᠵᠡᠭᠡᠯᠢ ︵ᠬᠦᠷᠢᠶᠡᠯᠡᠩ ᠲᠣᠭᠤᠷᠢᠭ︶ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ ᠴᠢᠶᠠᠩ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠠᠯᠠᠱᠠ ᠵᠡᠭᠦᠨ ᠬᠤᠰᠢᠭᠤᠨ ᠤ ᠵᠠᠳᠠᠭᠠᠢ ᠨᠡᠭᠦᠷᠡᠰᠦᠨ ᠠᠭᠤᠷᠬᠠᠢ ᠶᠡᠭᠡ ᠬᠡᠪᠴᠢᠶ᠎ᠡ ᠪᠠᠷ ᠶᠡᠭᠦᠷᠡᠭᠰᠡᠨ ᠡ᠊ᠨᠳᠡᠯ ᠳᠤ ᠥᠭᠭᠦᠭᠰᠡᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠵᠣᠷᠢᠭ ᠰᠠᠨᠠᠭ᠎ᠠ ᠶᠢ ᠳᠠᠮᠵᠢᠭᠤᠯᠪᠠ᠃ ᠬᠤᠷᠠᠯ ᠠᠴᠠ᠂ ᠪᠦᠬᠦ ᠬᠤᠳᠠ ᠪᠠᠷ ᠢᠶᠠᠨ ᠠᠯᠠᠱᠠ ᠵᠡᠭᠦᠨ ᠬᠤᠰᠢᠭᠤᠨ ᠤ ᠨᠡᠭᠦᠷᠡᠰᠦᠨ ᠠᠭᠤᠷᠬᠠᠢ ᠶᠢᠨ ᠡ᠊ᠡᠳᠡᠯ ᠠᠴᠠ ᠭᠦᠨᠵᠡᠭᠡᠢ ᠰᠤᠷᠭᠠᠮᠵᠢ ᠠᠪᠴᠤ᠂ ᠦᠵᠡᠯ ᠰᠠᠨᠠᠭᠠᠨ ᠤ ᠲᠠᠯ᠎ᠠ ᠪᠠᠷ ᠲᠠᠬᠢᠨ ᠴᠢᠬᠤᠯᠠᠴᠢᠯᠠᠵᠤ᠂ ᠬᠠᠷᠢᠭᠤᠴᠠᠯᠭ᠎ᠠ ᠪᠤᠯᠤᠨ ᠠᠷᠭ᠎ᠠ ᠬᠡᠮᠵᠢᠶ᠎ᠡ ᠶᠢ ᠳᠠᠬᠢᠨᠳᠠ ᠪᠣᠳᠠᠲᠠᠶᠢᠵᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠠᠮᠢᠶᠠᠷᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠪᠣᠯᠣᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠳᠠᠷᠦ᠋ᠢᠬᠠᠨ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃     ᠬᠤᠷᠠᠯ ᠳᠡᠭᠡᠷ᠎ᠡ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ᠬᠤᠲᠠ ᠶᠢᠨ ᠭᠠᠯ ᠰᠡᠷᠭᠡᠶᠢᠯᠡᠵᠦ ᠤᠨᠲᠠᠷᠠᠭᠠᠬᠤ ᠶᠡᠭᠡ ᠠᠩᠭᠢ ᠶᠢᠨ ᠬᠢᠨ ᠡᠨᠡ ᠵᠢᠯ ᠠᠴᠠ ᠨᠠᠭᠠᠰᠢᠬᠢ ᠪᠥᠬᠦ ᠬᠤᠲᠠ ᠶᠢᠨ ᠭᠠᠯ ᠤᠨ ᠭᠠᠮᠰᠢᠭ ᠤᠨ ᠪᠠᠶᠢᠳᠠᠯ ᠢ ᠮᠡᠳᠡᠭᠳᠡᠪᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃      
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号