ᠶᠠᠩ ᠶᠦᠩ ᠵᠢᠦ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/28
  2 ᠰᠠᠷ᠎ᠠ ᠶᠢᠨ 25 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠦᠩᠬᠦ ᠶᠢᠨ ᠲᠣᠬᠢᠷᠠᠭᠤᠯᠣᠯᠳᠡ ᠶᠢᠨ ᠠᠰᠠᠭᠤᠳᠠᠯ ᠤᠨ ᠲᠤᠬᠠᠢ ᠶᠠᠷᠢᠯᠴᠠᠨ ᠰᠣᠯᠢᠯᠴᠠᠵᠤ᠂ ᠠᠩᠬ᠎ᠠ ᠠᠯᠬᠤᠮ ᠤᠨ ᠬᠠᠮᠲᠤ ᠶᠢᠨ ᠲᠠᠨᠢᠯᠲᠠ ᠶᠢ ᠪᠣᠢ ᠪᠣᠯᠭᠠᠪᠡ᠃ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠳᠠᠷᠤᠭ᠎ᠠ ᠸᠠᠩ ᠰᠢᠶᠣᠣ ᠰᠢᠶᠠ᠂ ᠪᠠᠩᠬᠢ ᠶᠢᠨ ᠳᠡᠳ᠋ ᠳᠠᠷᠤᠭ᠎ᠠ ᠵᠢᠶᠣᠣ ᠬᠤᠶ᠂ ᠺᠣᠮᠫᠠᠨᠢ ᠶᠢᠨ ᠬᠡᠯᠲᠡᠰ ᠤᠨ ᠳᠠᠭᠠᠭᠠᠮᠠᠯ ᠵᠢᠩ ᠬᠤᠶ᠂ ᠱᠧᠩ ᠢᠦᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠦ᠋ ᠰᠢᠤᠸᠠᠢ᠂ ᠶᠡᠷᠦᠩᠬᠡᠢ ᠳᠠᠭᠠᠭᠠᠮᠠᠯ ᠼᠦᠢ ᠺᠤᠸᠠᠨ᠂ ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠼᠤᠤ ᠵᠢᠩ ᠮᠢᠨ᠂ ᠬᠤᠳᠠ ᠶᠢᠨ ᠤᠳᠤᠷᠢᠳᠤᠯᠭ᠎ᠠ ᠰᠦᠨ ᠪᠠᠢ ᠴᠤᠸᠠᠨ᠂ ᠵᠤᠤ ᠫᠧᠩ ᠴᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃    ᠬᠤᠷᠠᠯ ᠠᠴᠠ᠂ ᠭᠤᠷᠪᠠᠨ ᠲᠠᠯ᠎ᠠ ᠪᠠᠷ ᠢᠶᠠᠨ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ ᠤᠷᠳᠤ ᠬᠤᠭᠤᠴᠠᠭᠠᠨ ᠤ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠷᠠᠰᠢᠶᠠᠨ ᠤ ᠤᠯᠤᠰ ᠤᠨ ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠵᠤ᠂ ᠨᠡᠩ ᠤᠯᠠᠨ ᠬᠠᠨᠳᠤᠯᠭᠠᠲᠤ ᠴᠢᠨᠠᠷᠲᠠᠢ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ᠂ ᠦᠢᠯᠡᠳᠬᠦᠨ ᠤ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠤᠨᠢᠨ ᠳᠡᠭᠡᠷ᠎ᠡ ᠨᠢ ᠰᠠᠶᠢᠲᠤᠷ ᠬᠢᠬᠦ ᠭᠡᠷᠡᠭᠳᠡᠢ᠃ ᠷᠠᠰᠢᠶᠠᠨ ᠬᠤᠳᠠ ᠶᠢᠨ ᠬᠢᠨ ᠰᠠᠨᠠᠭᠠᠴᠢᠯᠠᠭ᠎ᠠ ᠠᠴᠠ ᠪᠠᠨ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠣᠯᠳᠡ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠳ ᠠᠵᠢᠯ ᠤᠨ ᠠᠬᠢᠴᠠ ᠪᠠᠨ ᠲᠦᠷᠭᠡᠳᠬᠡᠨ᠂ ᠭᠤᠶᠤᠴᠢᠯᠠᠨ ᠮᠡᠳᠡᠭᠦᠯᠬᠦ ᠲᠠᠩᠰᠠ ᠡᠪᠬᠡᠮᠡᠯ ᠤᠨ ᠮᠠᠲ᠋ᠧᠷᠢᠶᠠᠯ ᠢ ᠪᠥᠬᠦ ᠬᠦᠴᠦᠨ ᠢᠶᠠᠷ ᠪᠡᠯᠡᠳᠬᠡᠵᠦ᠂ ᠡᠮᠦᠨᠡᠬᠢ ᠬᠤᠭᠤᠴᠠᠭᠠᠨ ᠤ ᠭᠠᠷᠳᠠᠮ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠣᠨ᠂ ᠡᠷᠳᠡᠬᠡᠨ ᠠᠵᠢᠯ ᠡᠬᠢᠯᠡᠭᠦᠯᠵᠤ᠂ ᠡᠷᠳᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠣ ᠬᠦᠰᠠᠵᠣ ᠪᠠᠶᠢᠨ᠎ᠠ᠃ ᠠᠶᠢᠮᠠᠭ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠢᠯᠡᠷᠬᠡᠶᠢᠯᠡᠬᠦ ᠳᠡᠭᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠳᠡᠮᠵᠢᠵᠤ ᠷᠠᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ︽ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠦᠴᠦᠨ ᠴᠢᠳᠠᠯ︾ ᠢᠶᠠᠨ ᠨᠡᠮᠡᠷᠢᠯᠡᠨ᠎ᠡ ᠭᠡᠵᠡᠢ᠃    
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号