ᠰᠢ ᠶᠢᠨ ᠫᠢᠩ ᠫᠠᠺᠢᠰᠲ᠋ᠠᠨ ᠤ ᠪᠧᠱᠤᠸᠧᠷ ᠤᠨ ᠬᠦᠨᠳᠦ ᠨᠣᠴᠢᠲᠠᠢ ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠤᠨ ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/2/3
   ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠱᠠᠬᠪᠠᠽᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ 2 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠺᠢᠰᠲ᠋ᠠᠨ ᠳᠤ ᠬᠦᠨᠳᠦ ᠨᠣᠴᠢᠲᠠᠢ ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃   ᠰᠢ ᠶᠢᠨ ᠫᠢᠩ᠂ ᠡᠷᠬᠢᠮ ᠤᠯᠤᠰ ᠤᠨ ᠺᠠᠶᠢᠫᠦ᠋ ᠮᠤᠵᠢ ᠶᠢᠨ ᠪᠧᠱᠤᠸᠧᠷ ᠬᠤᠳᠠ ᠳᠤ ᠬᠦᠨᠳᠦ ᠨᠣᠴᠢᠲᠠᠢ ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ᠂ ᠰᠢᠷᠬᠠᠲᠤᠭᠰᠠᠳ ᠪᠣᠯᠣᠨ ᠠᠳᠡᠭᠰᠡᠳ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠵᠦ ᠢᠯᠡᠳᠬᠡᠪᠡ᠃ ᠰᠢ ᠶᠢᠨ ᠫᠢᠩ᠂ ᠳᠤᠮᠳᠠᠳᠤ ᠤᠯᠤᠰ ᠶᠠᠮᠠᠷᠪᠠ ᠭᠡᠯᠪᠡᠷᠢ ᠶᠢᠨ ᠰᠦᠷᠳᠡᠭᠦᠯᠭᠦ ᠦᠵᠡᠯ ᠢ ᠡᠰᠡᠷᠭᠦᠴᠡᠨ᠎ᠡ᠂ ᠡᠨᠡ ᠬᠦ ᠬᠡᠷᠡᠭ ᠢ ᠴᠢᠩᠭ᠎ᠠ ᠪᠤᠷᠤᠭᠤᠰᠢᠶᠠᠨ ᠵᠢᠮᠡᠯᠡᠵᠦ ᠪᠠᠶᠢᠨ᠎ᠠ᠃ ᠳᠤᠮᠳᠠᠳᠤ ᠤᠯᠤᠰ ᠫᠠᠺᠢᠰᠲ᠋ᠠᠨ ᠤᠯᠤᠰ ᠤᠨ ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ ᠶᠢᠨ ᠲᠥᠯᠥᠪᠯᠡᠭᠡ ᠶᠢ ᠠᠬᠢᠭᠤᠯᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠠᠷᠠᠳ ᠤᠯᠠᠨ ᠤ ᠠᠮᠤᠷ ᠲᠦᠪᠰᠢᠨ ᠢ ᠬᠠᠮᠠᠭᠠᠯᠠᠬᠤ ᠶᠢ ᠦᠷᠭᠦᠯᠵᠢᠯᠡᠨ ᠡᠷᠡᠰ ᠳᠡᠮᠵᠢᠵᠦ᠂ ᠳᠤᠷᠠᠲᠠᠶ᠎ᠠ ᠫᠠᠺᠢᠰᠲ᠋ᠠᠨ ᠯᠤᠭ᠎ᠠ ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠤᠰ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃ ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠱᠠᠬᠪᠠᠽᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号