︽  ᠤᠷᠢᠬᠠᠨ ᠰᠠᠯᠬᠢᠨ ᠤ ᠠᠵᠢᠯᠯᠠᠭ᠎ᠠ︾  ᠠᠵᠢᠯ ᠤᠨ ᠪᠠᠶᠢᠷᠢ ᠬᠠᠩᠭᠠᠪᠠ
ᠨᠡᠶᠢᠲᠡᠯᠡᠭᠰᠡᠨ ᠴᠠᠭ᠄
2023/2/6
 
   1 ᠰᠠᠷ᠎ᠠ ᠶᠢᠨ 31 ᠤ ᠡᠳᠦᠷ᠂ ᠤᠯᠠᠭᠠᠨᠬᠤᠲᠠ ᠶᠢᠨ ᠬᠢᠨ ︽ᠬᠠᠪᠤᠷ ᠤᠨ ᠰᠠᠯᠬᠢᠨ ᠤ ᠠᠵᠢᠯᠯᠠᠭ᠎ᠠ︾ ᠵᠢᠴᠢ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ ᠢ ᠤᠷᠢᠵᠤ ᠡᠯᠰᠡᠬᠦ ᠲᠤᠰᠬᠠᠶ ᠴᠤᠭᠯᠠᠭᠠᠨ ᠢ ᠡᠬᠢᠯᠡᠭᠦᠯᠵᠦ᠂ ᠨᠡᠶᠢᠲᠡ 106 ᠠᠵᠤ ᠠᠬᠤᠶᠢᠯᠠᠯ 2300 ᠭᠠᠷᠤᠶ ᠠᠵᠢᠯ ᠤᠨ ᠪᠠᠶᠢᠷᠢ ᠬᠠᠩᠭᠠᠭᠰᠠᠨ ᠪᠠᠶᠢᠨ᠎ᠠ᠃    ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠤᠯᠠᠭᠠᠨᠬᠠᠳᠠ ᠪᠠᠯᠭᠠᠰᠤᠨ ᠤ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠪᠡ᠃ ᠠᠵᠢᠯᠲᠠᠨ ᠡᠯᠰᠡᠬᠦ ᠴᠤᠭᠯᠠᠭᠠᠨ ᠨᠢ ᠬᠥᠳᠡᠯᠮᠦᠷᠢ ᠦᠢᠯᠡᠴᠢᠯᠡᠭᠡ ᠶᠢ ᠵᠠᠯᠭᠠᠯᠳᠤᠭᠤᠯᠬᠤ ᠲᠠᠪᠴᠠᠩ ᠪᠠᠶᠢᠭᠤᠯᠬᠤ ᠬᠡᠯᠪᠡᠷᠢ ᠪᠠᠷ ᠳᠠᠮᠵᠢᠭᠤᠯᠤᠨ᠂ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠬᠥᠯᠥᠰᠥᠨ ᠠᠵᠢᠯᠴᠢᠨ ᠤ ᠠᠵᠢᠯ ᠤᠯᠬᠤ ᠬᠡᠷᠡᠭᠴᠡᠭᠡ ᠪᠣᠯᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠪᠠᠶᠠᠷ ᠤᠨ ᠡᠳᠦᠷ ᠤᠨ ᠳᠠᠷᠠᠭ᠎ᠠ ᠭᠠᠳᠠᠭᠠᠳᠤ ᠳᠤ ᠠᠵᠢᠯ ᠬᠥᠳᠡᠯᠮᠦᠷᠢ ᠬᠢᠵᠦ ᠪᠠᠶᠢᠭ᠎ᠠ ᠦᠯᠡᠮᠵᠢ ᠣᠯᠠᠨ ᠬᠥᠮᠦᠰ ᠤᠨ ᠲᠥᠪᠯᠡᠷᠡᠨ ᠨᠤᠲᠤᠭ ᠲᠠᠭᠠᠨ ᠪᠤᠴᠠᠬᠤ ᠲᠣᠬᠢᠶᠠᠯ ᠢ ᠠᠰᠢᠭᠯᠠᠨ᠂ ᠬᠥᠯᠥᠰᠥᠨ ᠠᠵᠢᠯᠴᠢᠨ ᠢ ᠬᠠᠪᠰᠤᠷᠤᠨ ᠠᠵᠢᠯ ᠣᠯᠭᠤᠯᠲᠠ ᠶᠢ ᠤᠷᠤᠭᠰᠢᠲᠠᠶ ᠪᠡᠶᠡᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号