ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/6
    2 ᠳ᠋ᠤᠭᠠᠷ ᠰᠠᠷ᠎ᠠ ᠶᠢᠨ 2 ᠤᠨ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ ᠭᠦᠨᠵᠡᠭᠡᠶ ᠰᠤᠷᠤᠯᠴᠠᠵᠤ ᠂ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠦ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠳᠡᠭᠡᠷ᠎ᠡ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠶᠡᠷᠦᠩᠬᠡᠶ ᠱᠦᠵᠢ  ᠰᠢ ᠶᠢᠨ ᠫᠢᠩ ᠶᠢᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠤᠷᠢᠳ ᠬᠤᠵᠢᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃    ᠬᠤᠷᠠᠯ ᠠᠴᠠ  ᠴᠢᠩᠭᠠᠳᠬᠠᠭᠰᠠᠨ ᠨᠢ᠂ ᠵᠠᠬᠢᠷᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠰᠠᠶᠢᠲᠤᠷ ᠰᠤᠷᠤᠯᠴᠠᠵᠤ᠂ ᠵᠠᠰᠠᠭ ᠵᠠᠬᠢᠷᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠤᠯᠤᠰ ᠲᠦᠷᠦ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠥᠷᠨᠢᠯᠲᠡ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠴᠢᠩᠭ᠎ᠠ ᠰᠠᠬᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠠᠴᠠ ᠳᠠᠪᠠᠭ᠋ᠤ ᠦᠭᠡᠢ᠂ ᠤᠯᠠᠭᠠᠨ ᠱᠤᠭᠤᠮ ᠢ ᠭᠢᠰᠬᠢᠬᠦ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠤᠷ ᠴᠢᠨᠠᠷ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ‌‍ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号