ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠠᠷᠪᠠᠳᠤᠭᠠᠷ ᠬᠤᠭᠤᠴᠠᠭᠠᠨ ᠤ  ᠨᠠᠢᠮᠠᠳᠤᠭᠠᠷ ᠤᠳᠠᠭ᠎ᠠ ᠶᠢᠨ ᠲᠡᠷᠢᠭᠦᠯᠡᠭᠴᠢ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/6
    2 ᠰᠠᠷ᠎ᠠ ᠶᠢᠨ 2 ᠤᠨ ᠡᠳᠦᠷ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠦ ᠴᠧᠩ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠤᠳᠠᠭ᠎ᠠ ᠶᠢᠨ ᠲᠡᠷᠢᠭᠦᠯᠡᠭᠴᠢ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠤᠷᠤᠯᠴᠠᠪᠠ᠃    ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ᠂ ᠤᠯᠤᠰ ᠲᠦᠷᠦ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃ ᠤᠯᠤᠰ ᠲᠥᠷᠥ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠢᠯᠡᠳᠬᠡᠯ ᠬᠢᠭᠴᠢ ᠶᠢᠨ ᠨᠡᠷᠡᠰ᠂ ᠤᠯᠤᠰ ᠲᠥᠷᠥ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠤ ᠡᠳᠦᠷ ᠤᠨ ᠳᠠᠷᠠᠭᠠᠯᠠᠯ᠂ ᠳᠤᠭᠤᠶᠢᠯᠠᠩ ᠬᠤᠪᠢᠶᠠᠬᠤ ᠠᠷᠭ᠎ᠠ ᠪᠠ ᠶᠠᠷᠢᠯᠴᠠᠬᠤ ᠳᠤᠭᠤᠶᠢᠯᠠᠩ ᠤᠨ ᠬᠤᠷᠠᠯᠳᠤᠭᠤᠯᠤᠭᠴᠢ ᠶᠢᠨ ᠨᠡᠷᠡᠰ᠂ ᠠᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠮᠡᠳᠡᠭᠦᠯᠦᠯᠲᠡ ᠪᠠ ᠢᠯᠡᠳᠬᠡᠯ ᠬᠢᠭᠴᠢ ᠶᠢᠨ ᠨᠡᠷᠡᠰ ᠵᠡᠷᠭᠡ ᠰᠢᠷᠢᠰ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠤᠯᠤᠰ ᠲᠥᠷᠥ ᠶᠢᠨ ᠵᠥᠪᠯᠡᠯᠭᠡᠨ ᠤ ᠰᠢᠯᠢᠳᠡᠭ ᠭᠡᠰᠢᠭᠦᠳ ᠤᠨ ᠨᠡᠷᠡᠰ ᠢ ᠵᠥᠪᠳᠡᠯᠴᠡᠨ ᠲᠣᠭᠲᠠᠭᠠᠵᠤ᠂ ᠤᠯᠤᠰ ᠲᠥᠷᠥ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠤᠰᠬᠠᠶ ᠺᠣᠮᠢᠰ ᠤᠨ ᠪᠠᠶᠢᠷᠢᠯᠠᠭᠤᠯᠤᠯᠲᠠ ᠳᠤ ᠲᠣᠬᠢᠷᠠᠭᠤᠯᠤᠯᠲᠠ ᠬᠢᠬᠦ ᠲᠣᠭᠲᠠᠭᠠᠯ ᠵᠢᠴᠢ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ  ᠵᠦᠢᠯᠡᠰ ᠢ ᠵᠥᠪᠳᠡᠯᠴᠡᠨ ᠲᠣᠭᠲᠠᠭᠠᠵᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号