ᠬᠤᠳᠠ ᠶᠢᠨ ᠳᠠᠷᠤᠭ᠎ᠠ ᠸᠠᠩ ᠰᠢᠶᠣᠣ ᠬᠤᠸᠠᠨ 2023 ᠣᠨ ᠤ ᠭᠤᠷᠪᠠᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2023/2/7
     2 ᠰᠠᠷ᠎ᠠ ᠶᠢᠨ 3 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ 2023 ᠣᠨ ᠤ ᠭᠤᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠷᠠᠰᠢᠶᠠᠨ ᠬᠤᠲᠠ ᠶᠢᠨ 2023 ᠣᠨ ᠳᠤ ᠬᠡᠷᠡᠭᠵᠢᠭᠦᠯᠦᠭᠰᠡᠨ ︽ᠭᠤᠣᠯᠳᠠᠯᠭ᠎ᠠ ᠲᠠᠢ ᠲᠥᠷᠥᠯ ᠵᠦᠢᠯ︾ ᠤᠨ ᠡᠭᠦᠷᠭᠡ ᠶᠢᠨ ᠬᠦᠰᠦᠨᠦᠭᠲᠦ᠂ ︽ᠪᠣᠳᠠᠲᠠᠶᠢᠵᠢᠭᠤᠯᠬᠤ ᠪᠣᠯᠣᠮᠵᠢ ᠲᠠᠢ ᠲᠥᠷᠥᠯ ᠵᠦᠢᠯ︾ ᠤᠨ ᠡᠭᠦᠷᠭᠡ ᠶᠢᠨ ᠬᠦᠰᠦᠨᠦᠭᠲᠦ᠂ ︽ᠴᠢᠬᠤᠯᠠ ᠶᠡᠭᠡ ᠲᠥᠷᠥᠯ ᠵᠦᠢᠯ︾ ᠤᠨ ᠨᠠᠷᠢᠨ ᠳᠠᠩᠰᠠ ᠪᠤᠯᠤᠨ 2023 ᠣᠨ ᠤ ︽ᠭᠤᠷᠪᠠᠨ ᠨᠠᠷᠢᠨ ᠳᠠᠩᠰᠠ︾ ᠶᠢ ᠰᠤᠳᠤᠯᠤᠨ ᠬᠢᠨᠠᠨ ᠵᠥᠪᠯᠡᠪᠡ᠃ ᠸᠠᠩ ᠰᠢᠶᠣᠣ ᠬᠤᠸᠠᠨ᠂ ᠡᠯ᠎ᠡ ᠪᠠᠯᠭᠠᠰᠤ ᠵᠡᠭᠡᠯᠢ᠂ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ  ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽ᠬᠥᠭᠵᠢᠯᠲᠡ ᠶᠢ ᠰᠦᠪᠡᠭᠴᠢᠯᠡᠬᠦ ᠳᠤ ᠡᠷᠬᠡᠪᠰᠢ ᠲᠦᠷᠦᠯ ᠵᠦᠢᠯ ᠢ ᠰᠦᠪᠡᠭᠴᠢᠯᠡᠬᠦ ᠬᠡᠷᠡᠭᠲᠡᠢ᠂ ᠲᠦᠷᠦᠯ ᠵᠦᠢᠯ ᠢ ᠰᠦᠪᠡᠭᠴᠢᠯᠡᠬᠦ ᠪᠣᠯ ᠳᠠᠷᠤᠢ ᠢᠷᠡᠭᠡᠳᠦᠢ ᠶᠢ ᠲᠥᠯᠥᠪᠵᠢᠭᠦᠯᠵᠦ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠠᠲᠤᠳᠬᠠᠵᠤ᠂ ᠣᠳᠣᠬᠠᠨ ᠤ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠲᠦᠷᠥᠭᠳᠡᠯ᠂ ᠲᠦᠭᠰᠢᠭᠦᠷᠢᠲᠦ ᠰᠡᠳᠬᠢᠯᠭᠡ ᠪᠠᠷ ᠲᠦᠷᠦᠯ ᠵᠦᠢᠯ ᠢ ᠲᠥᠯᠥᠪᠵᠢᠭᠦᠯᠬᠦ ᠠᠵᠢᠯ ᠢ ᠤᠷᠢᠳᠠᠪᠠᠷ ᠴᠢᠷᠮᠠᠶᠢᠨ ᠰᠠᠶᠢᠲᠤᠷ ᠬᠢᠬᠦ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠴᠢᠩᠭᠠᠳᠬᠠᠵᠣ᠂ ᠲᠦᠷᠦᠯ ᠵᠦᠢᠯ ᠨᠢᠭᠡᠪᠦᠷᠢ ᠶᠢᠨ ᠭᠠᠷ ᠭᠦᠢᠴᠡᠳᠬᠡᠯ ᠢ ᠡᠮᠬᠢᠯᠡᠵᠦ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠲᠡᠭᠦᠯᠳᠡᠷᠵᠢᠭᠦᠯᠣᠨ᠂ ᠠᠵᠢᠯ ᠡᠬᠢᠯᠡᠭᠦᠯᠬᠦ ᠨᠥᠬᠦᠴᠡᠯ ᠳᠤ ᠡᠷᠲᠡᠬᠡᠨ ᠬᠦᠷᠭᠡᠬᠦ ᠪᠠᠷ ᠴᠢᠷᠮᠠᠶᠢᠬᠤ ᠬᠡᠷᠡᠭᠲᠡᠢ᠃ ︽ᠭᠤᠷᠪᠠᠨ ᠨᠠᠷᠢᠨ ᠲᠠᠩᠰᠠ︾  ᠶᠢ ᠰᠠᠶᠢᠲᠤᠷ ᠨᠠᠶᠢᠷᠠᠭᠤᠯᠤᠨ ᠵᠣᠬᠢᠶᠠᠬᠤ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠪᠣᠯᠭᠠᠵᠤ᠂ ᠨᠠᠷᠢᠨ ᠲᠠᠩᠰᠠ ᠶᠢᠨ ᠡᠭᠦᠷᠭᠡ ᠶᠢᠨ ᠪᠥᠬᠦ ᠲᠠᠯ᠎ᠠ ᠪᠠᠷ ᠬᠦᠴᠦᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠵᠢᠯ ᠤᠨ ᠬᠠᠷᠠᠯᠲᠠ ᠶᠢ ᠲᠣᠭᠲᠠᠭᠠᠵᠤ᠂ ᠡᠷᠲᠡ ᠠᠴᠠ ᠰᠡᠳᠬᠢᠨ᠂ ᠡᠷᠲᠡ ᠠᠴᠠ ᠭᠠᠷᠳᠠᠵᠤ᠂ ᠡᠷᠲᠡ ᠠᠴᠠ ᠪᠡᠯᠡᠳᠬᠡᠵᠦ᠂ ᠠᠵᠢᠯ ᠤᠨ ᠰᠡᠳᠬᠢᠮᠵᠢ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠢᠯ ᠤᠨ ᠠᠭᠤᠯᠭ᠎ᠠ ᠪᠠᠨ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠶ ᠲᠦᠯᠬᠢᠨ ᠠᠬᠢᠭᠤᠯᠵᠤ᠂ ︽ᠭᠤᠷᠪᠠᠨ ᠨᠠᠷᠢᠨ ᠲᠠᠩᠰᠠ︾ ᠶᠢᠨ ᠲᠥᠯᠥᠭᠡᠯᠡᠬᠦ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠡᠪᠡ᠃ ᠬᠤᠷᠠᠯ ᠠᠴᠠ ᠪᠠᠰᠠ ᠪᠤᠰᠤᠳ ᠪᠣᠳᠠᠲᠠᠢ ᠶᠠᠪᠤᠳᠠᠯ ᠢ ᠰᠤᠳᠤᠯᠪᠡ᠃  
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号