ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠦᠬᠡᠷ ᠤᠨ ᠦᠢᠯᠡᠰ ᠢ ᠬᠦᠭᠵᠢᠬᠦᠯᠬᠦ︾ ᠬᠥᠭᠵᠢᠯᠲᠡ ᠶᠢᠨ ᠰᠡᠳᠬᠢᠴᠡ ᠪᠠᠨ ᠲᠠᠰᠤᠷᠠᠯᠲᠠ ᠦᠭᠡᠢ ᠬᠦᠨᠵᠡᠬᠡᠶᠢᠷᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2023/2/7
   ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠦᠬᠡᠷ ᠤᠨ ᠦᠢᠯᠡᠰ ᠢ ᠬᠦᠭᠵᠢᠬᠦᠯᠬᠦ︾ ᠬᠥᠭᠵᠢᠯᠲᠡ ᠶᠢᠨ ᠰᠡᠳᠬᠢᠴᠡ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠬᠡᠷ ᠤᠨ ᠠᠵᠤ ᠦᠢᠯᠡᠰ ᠢᠶᠠᠷ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢ ᠬᠥᠲᠥᠯᠥᠨ ᠳᠠᠭᠠᠭᠤᠯᠬᠤ ᠭᠤᠣᠯᠯᠠᠬᠤ ᠠᠵᠤ ᠦᠢᠯᠡᠰ ᠪᠣᠯᠭᠠᠵᠤ᠂ ᠲᠡᠵᠢᠭᠡᠨ ᠦᠷᠡᠵᠢᠭᠦᠯᠬᠦ ᠰᠠᠭᠤᠷᠢ ᠰᠠᠶᠢᠨ᠂ ᠵᠠᠬ᠎ᠠ ᠳᠡᠯᠭᠡᠭᠦᠷ ᠤᠨ ᠢᠷᠡᠭᠡᠳᠦᠢ ᠥᠷᠭᠡᠨ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠵᠤ ᠪᠠᠶᠢᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠤ ᠪᠠᠭᠠᠨ᠎ᠠ ᠲᠡᠵᠢᠭᠡᠨ ᠦᠷᠡᠵᠢᠭᠦᠯᠬᠦ ᠦᠢᠯᠡᠰ ᠤᠨ ᠲᠤᠰᠬᠠᠢ ᠬᠤᠷᠰᠢᠶ᠎ᠠ ᠳᠤ ᠣᠷᠣᠬᠤ ᠳᠤ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ᠂ ᠡᠪᠡᠰᠦ ᠪᠣᠷᠳᠣᠭᠠᠨ ᠤ ᠬᠥᠮᠥᠷᠭᠡ ᠳᠤ ᠡᠪᠡᠰᠦ ᠪᠣᠷᠳᠤᠭ᠎ᠠ ᠪᠣᠯᠪᠠᠰᠤᠷᠠᠭᠤᠯᠬᠤ ᠮᠠᠰᠢᠨ ᠲᠥᠬᠦᠭᠡᠷᠦᠮᠵᠢ ᠪᠦᠷᠢᠨ ᠪᠠᠶᠢᠨ᠎ᠠ᠃ ᠦᠬᠡᠷ ᠤᠨ ᠬᠠᠰᠢᠶᠠᠨ ᠳᠤ ᠲᠠᠷᠭᠤ ᠰᠠᠶᠢᠲᠠᠢ ᠨᠢᠭᠡ ᠦᠬᠡᠷ ᠨᠡᠷᠡᠨ ᠳᠤ ᠰᠤᠯᠠ ᠰᠡᠯᠡᠭᠦᠦ ᠡᠭᠡᠭᠡᠵᠦ ᠪᠠᠢᠨ ᠪᠠᠢᠨ ᠮᠥᠭᠡᠷᠡᠬᠦ ᠳᠠᠭᠤ ᠭᠠᠷᠴᠤ ᠪᠠᠢᠨ ᠪᠠᠢᠨ ᠪᠠᠢᠨ ᠭᠠᠷᠴᠤ ᠪᠠᠢᠨ ᠪᠠᠢᠨ ᠲᠠᠷᠭᠤ ᠰᠠᠶᠢᠲᠠᠢ ᠦᠬᠡᠷ ᠤᠳ ᠨᠡᠷᠡᠨ ᠳᠤ ᠡᠭᠡᠭᠡᠵᠦ ᠪᠠᠢᠨ ᠪᠠᠢᠨ ᠮᠥᠭᠡᠷᠡᠬᠦ ᠳᠠᠭᠤ ᠭᠠᠷᠴᠤ ᠪᠠᠶᠢᠯ᠎ᠠ᠃ ︽ᠣᠳᠣᠬᠠᠨ ᠳᠤ ᠬᠤᠷᠰᠢᠶ᠎ᠠ ᠪᠣᠯ ᠭᠤᠣᠯᠳᠠᠭᠤ ᠰᠢᠮᠧᠨ᠋ᠳᠡᠷ ᠦᠬᠡᠷ ᠢᠶᠠᠷ ᠭᠤᠣᠯ ᠪᠣᠯᠭᠠᠵᠤ ᠪᠠᠶᠢᠨ᠎ᠠ᠂ ᠡᠨᠡ ᠬᠦ ᠲᠦᠷᠦᠯ ᠵᠦᠢᠯ ᠨᠢ ᠶᠡᠷᠦᠩᠬᠡᠶᠢᠯᠡᠭᠰᠡᠨ ᠴᠢᠨᠠᠷ ᠢᠶᠠᠷ ᠬᠠᠮᠤᠭ ᠤᠨ ᠰᠠᠶᠢᠨ᠂ ᠥᠰᠦᠯᠲᠡ ᠨᠢ ᠲᠦᠷᠭᠡᠨ᠂ ᠦᠷᠡᠵᠢᠯ ᠤᠨ ᠴᠢᠳᠠᠪᠤᠷᠢ ᠪᠠᠷ ᠰᠠᠶᠢᠨ ᠪᠠᠶᠢᠨ᠎ᠠ︾ ᠭᠡᠵᠦ ᠦ᠋ ᠪᠠᠭᠠᠨ᠎ᠠ ᠲᠠᠨᠢᠯᠴᠠᠭᠤᠯᠬᠤ ᠳᠠᠭᠠᠨ ᠬᠡᠯᠡᠪᠡ᠃    ᠲᠤᠰ ᠬᠤᠷᠰᠢᠶ᠎ᠠ ᠶᠢᠨ ᠡᠭᠦᠰᠬᠡᠨ ᠪᠠᠶᠢᠭᠤᠯᠤᠭᠴᠢ ᠡᠤ ᠪᠠᠭᠠᠨ᠎ᠠ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠵᠦ᠂ ᠠᠷᠠᠳ ᠤᠯᠠᠨ ᠢ ᠳᠠᠶᠢᠴᠢᠯᠠᠨ ᠪᠠᠶᠠᠵᠢᠭᠤᠯᠬᠤ ᠶᠢᠨ ᠲᠥᠯᠥᠭᠡᠯᠡᠭᠴᠢ ᠪᠣᠯᠣᠨ᠎ᠠ᠂ ᠵᠠᠭᠤᠴᠢᠯᠠᠭᠴᠢ ᠶᠢᠨ ᠠᠵᠢᠯ ᠢ ᠬᠢᠭᠡᠳ ᠨᠢᠭᠡᠨᠲᠡ ᠠᠷᠪᠠᠨ ᠬᠡᠳᠦᠨ ᠵᠢᠯ ᠪᠣᠯᠪᠠ᠂ ᠭᠠᠭᠴᠠᠭᠠᠷ ᠲᠡᠮᠡᠴᠡᠵᠦ ᠪᠠᠶᠢᠭᠰᠠᠨ ᠠᠴᠠ ᠪᠠᠨ ᠬᠤᠷᠰᠢᠶ᠎ᠠ ᠪᠠᠶᠢᠭᠤᠯᠬᠤ ᠪᠣᠯᠲᠠᠯ᠎ᠠ᠂ ᠲᠡᠷᠡ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠬᠤᠪᠢᠷᠠᠯᠲᠠ ᠶᠢ ᠭᠡᠷᠡᠴᠢᠯᠡᠵᠡᠢ᠃ ᠭᠠᠴᠠᠭᠠᠨ ᠤ ᠮᠠᠯᠴᠢᠨ ᠲᠠᠷᠢᠶᠠᠴᠢᠨ ᠢ ᠲᠠᠶᠢᠴᠢᠯᠠᠨ ᠬᠠᠮᠲᠤ ᠪᠠᠷ ᠪᠠᠶᠠᠵᠢᠭᠤᠯᠬᠤ ᠶᠢᠨ ᠲᠥᠯᠥᠭᠡ᠂ ᠲᠡᠷᠡ 2015 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠤ ᠪᠠᠭᠠᠨ᠎ᠠ ᠲᠡᠵᠢᠭᠡᠨ ᠦᠷᠡᠵᠢᠭᠦᠯᠬᠦ ᠦᠢᠯᠡᠰ ᠤᠨ ᠲᠤᠰᠬᠠᠢ ᠬᠤᠷᠰᠢᠶ᠎ᠠ ᠶᠢ ᠪᠠᠶᠢᠭᠤᠯᠤᠭᠰᠠᠨ ᠪᠥᠭᠡᠳ ᠮᠠᠯᠴᠢᠨ ᠲᠠᠷᠢᠶᠠᠴᠢᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠬᠤᠷᠰᠢᠶ᠎ᠠ ᠳᠤ ᠣᠷᠣᠭᠤᠯᠵᠤ᠂ ᠤᠤᠯ ᠤᠨ ᠲᠠᠷᠠᠬᠠᠢ ᠡᠷᠦᠬᠡ ᠶᠢᠨ ᠭᠠᠷ ᠲᠠᠬᠢ ᠠᠯᠠᠰᠢᠨ ᠦᠬᠡᠷ ᠢ ᠲᠥᠪᠯᠡᠷᠡᠭᠦᠯᠵᠦ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠬᠤᠷᠰᠢᠶ᠎ᠠ ᠨᠢ ᠣᠳᠣᠬᠠᠨ ᠳᠤ ᠨᠢᠭᠡᠨᠲᠡ 21 ᠭᠡᠰᠢᠭᠦᠨ ᠲᠠᠢ ᠪᠣᠯᠵᠤ᠂ ᠪᠣᠷᠳᠣᠵᠤ ᠲᠠᠷᠭᠤᠯᠠᠭᠤᠯᠬᠤ ᠠᠯᠠᠰᠢᠨ ᠦᠬᠡᠷ ᠤᠨ ᠬᠡᠪᠴᠢᠶ᠎ᠡ ᠨᠢᠭᠡᠨᠲᠡ 1500 ᠭᠠᠷᠤᠢ ᠳᠤ ᠬᠦᠷᠴᠡᠢ᠃ ᠡᠭᠦᠨ ᠤ ᠬᠠᠮᠲᠤ ᠲᠡᠷᠡ ᠪᠠᠰᠠ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠳᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠵᠢᠴᠢ ᠪᠠᠶᠢᠩᠭᠤ ᠲᠣᠬᠢᠶᠠᠯᠳᠤᠬᠤ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠵᠢᠯᠣᠭᠤᠳᠤᠯᠭ᠎ᠠ ᠶᠢ ᠦᠨ᠎ᠡ ᠲᠥᠯᠥᠪᠦᠷᠢ ᠦᠭᠡᠢ ᠪᠠᠷ ᠤᠯᠠᠮᠵᠢᠯᠠᠵᠤ᠂ ᠦᠪᠠᠭ᠎ᠠ ᠶᠢᠨ ᠢᠳᠡᠪᠬᠢᠲᠡᠢ ᠳᠠᠶᠢᠴᠢᠯᠠᠯᠲᠠ ᠳᠣᠣᠷ᠎ᠠ᠂ ᠡᠷᠬᠢᠨ ᠲᠣᠭᠤᠷᠢᠨ ᠤ ᠮᠠᠰᠢ ᠤᠯᠠᠨ ᠮᠠᠯᠴᠢᠨ ᠲᠠᠷᠢᠶᠠᠴᠢᠨ᠂ ᠲᠡᠵᠢᠭᠡᠨ ᠦᠷᠡᠵᠢᠭᠦᠯᠬᠦ ᠡᠷᠤᠬᠡ ᠦᠵᠡᠯᠲᠡ ᠪᠠᠨ ᠬᠤᠪᠢᠷᠠᠭᠤᠯᠵᠤ᠂ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ ᠪᠠᠷ ᠲᠠᠮᠵᠢᠨ ᠪᠠᠶᠠᠵᠢᠯ ᠤᠨ ᠵᠠᠮ ᠢᠶᠠᠷ ᠵᠠᠮᠨᠠᠵᠠᠢ᠃ 2021 ᠣᠨ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠰᠢᠷ᠎ᠠ ᠳᠤᠪᠤ ᠭᠠᠴᠠᠭ᠎ᠠ ᠶᠢᠨ ᠲᠡᠵᠢᠭᠡᠨ ᠦᠷᠡᠵᠢᠭᠦᠯᠬᠦ ᠡᠷᠦᠬᠡ ᠰᠢᠶᠧ ᠬᠠᠢ ᠯᠦᠩ ᠤᠨ ᠬᠤᠪᠢᠷᠠᠯᠲᠠ ᠶᠢ ᠪᠡᠶᠡᠯᠡᠭᠦᠯᠦᠭᠰᠡᠨ ᠨᠢᠭᠡ ᠵᠢᠯ ᠪᠣᠯᠣᠨ᠎ᠠ᠃ ᠬᠤᠶᠠᠷ ᠵᠢᠯ ᠤᠨ ᠡᠮᠦᠨ᠎ᠡ ᠨᠢᠭᠡ ᠤᠳᠠᠭᠠᠨ ᠤ ᠠᠵᠢᠯ ᠠᠴᠠ ᠪᠣᠯᠤᠭᠰᠠᠨ ᠭᠡᠮᠲᠦᠯ ᠠᠴᠠ ᠪᠣᠯᠵᠤ ᠲᠡᠷᠡ ᠦᠷᠭᠦᠯᠵᠢᠯᠡᠨ ᠭᠠᠳᠠᠨ᠎ᠠ ᠬᠥᠯᠥᠰᠦᠨ ᠠᠵᠢᠯ ᠬᠢᠵᠦ ᠴᠢᠳᠠᠬᠤ ᠦᠭᠡᠢ ᠪᠣᠯᠵᠤ᠂ ᠭᠡᠨᠡᠳᠲᠡ ᠶᠢᠨ ᠬᠦᠴᠢᠷᠳᠡᠯ ᠤᠨ ᠡᠮᠦᠨ᠎ᠡ ᠲᠡᠷᠡ ᠰᠡᠳᠬᠢᠴᠡ ᠪᠠᠨ ᠬᠤᠪᠢᠷᠠᠭᠤᠯᠵᠤ᠂ ᠡᠯᠪᠡᠭ ᠪᠠᠶᠠᠯᠢᠭ ᠲᠤᠷᠰᠢᠯᠭ᠎ᠠ ᠲᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠪᠠᠭᠠᠨ᠎ᠠ ᠲᠡᠵᠢᠭᠡᠨ ᠦᠷᠡᠵᠢᠭᠦᠯᠬᠦ ᠦᠢᠯᠡᠰ ᠤᠨ ᠲᠤᠰᠬᠠᠢ ᠬᠤᠷᠰᠢᠶᠠᠨ ᠤ ᠬᠡᠷᠡᠭ ᠡᠷᠬᠢᠯᠡᠬᠦᠭᠴᠢᠳ ᠤᠨ ᠳᠠᠷᠤᠭ᠎ᠠ ᠦᠪᠠᠭᠠᠨ᠎ᠠ ᠶᠢ ᠰᠠᠨᠠᠭᠠᠴᠢᠯᠠᠭ᠎ᠠ ᠠᠴᠠ ᠪᠠᠨ ᠡᠷᠢᠨ ᠣᠯᠵᠤ ᠬᠠᠪᠰᠤᠷᠤᠯᠭ᠎ᠠ ᠭᠤᠶᠤᠪᠠ᠃ ᠠᠯᠠᠰᠢᠨ ᠦᠬᠡᠷ ᠤᠨ ᠠᠵᠤ ᠦᠢᠯᠡᠰ ᠤᠨ ᠦᠨ᠎ᠡ ᠬᠠᠩᠰᠢ ᠶᠢᠨ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠲᠡᠷᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠳᠡᠯᠭᠡ ᠪᠠ ᠮᠡᠷᠭᠡᠵᠢᠯ ᠢ ᠰᠤᠷᠤᠯᠴᠠᠬᠤ ᠪᠠᠷ ᠲᠣᠭᠲᠠᠵᠤ᠂ ᠦ᠋ ᠪᠠᠭᠠᠨ᠎ᠠ ᠶᠢᠨ ᠬᠠᠪᠰᠤᠷᠤᠯᠭ᠎ᠠ ᠳᠣᠣᠷ᠎ᠠ᠂ ᠦ᠋ ᠪᠠᠭᠠᠨ᠎ᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠷᠰᠢᠶ᠎ᠠ ᠳᠤ ᠤᠷᠤᠭᠰᠢᠲᠠᠢ ᠪᠠᠷ ᠣᠷᠣᠵᠤ᠂ ᠳᠣᠣᠷ᠎ᠠ ᠬᠦᠦ ᠶᠢᠨ ᠨᠤᠷᠮ᠎ᠠ ᠲᠠᠢ ᠵᠢᠭᠡᠯᠡᠯᠭᠡ ᠠᠪᠴᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠢ ᠰᠤᠷᠤᠯᠴᠠᠪᠠ᠃ ᠰᠢᠶᠧ ᠬᠠᠢ ᠯᠦᠩ ᠤᠨ ᠭᠡᠷ ᠲᠤ ᠣᠷᠣᠬᠤ ᠳᠤ᠂ ᠲᠡᠷᠡ ᠶᠠᠭ ᠥᠪᠡᠷ ᠤᠨ ᠡᠪᠡᠰᠦ ᠪᠣᠷᠳᠣᠭᠠᠨ ᠤ ᠬᠥᠮᠥᠷᠭᠡ ᠳᠡᠭᠡᠨ ᠶᠠᠭᠠᠷᠠᠯᠳᠤᠵᠤ ᠪᠠᠶᠢᠪᠠ᠂ ᠲᠡᠷᠡ ᠦᠬᠡᠷ ᠲᠡᠵᠢᠭᠡᠬᠦ ᠡᠪᠡᠰᠦ ᠪᠣᠷᠳᠤᠭ᠎ᠠ ᠪᠠᠨ ᠵᠢᠭᠤᠷᠠᠬᠤ ᠮᠠᠰᠢᠨ ᠳᠤ ᠬᠢᠵᠦ ᠪᠣᠯᠪᠠᠰᠤᠷᠠᠭᠤᠯᠤᠭᠠᠳ᠂ ᠨᠥᠭᠡᠴᠡᠯᠡᠵᠦ ᠲᠠᠯᠪᠢᠭᠰᠠᠨ ᠪᠣᠷᠳᠤᠭ᠎ᠠ ᠪᠠᠨ ᠲᠡᠷᠭᠡᠨ ᠳᠤ ᠠᠴᠢᠶᠠᠯᠠᠭᠰᠠᠨ ᠤ ᠳᠠᠷᠠᠭ᠎ᠠ ᠦᠬᠡᠷ ᠢᠶᠠᠨ ᠬᠤᠭᠤᠯᠠᠨ ᠣᠩᠭᠤᠴᠠᠨ ᠳᠤ ᠬᠢᠵᠦ ᠥᠭᠴᠡᠢ᠂ ᠡᠨᠡ ᠪᠣᠯ ᠲᠡᠭᠦᠨ ᠤ ᠡᠳᠦᠷ ᠪᠦᠷᠢ ᠶᠢᠨ ᠵᠠᠪᠠᠯ ᠬᠢᠬᠦ ᠨᠢᠭᠡ ᠵᠦᠢᠯ ᠤᠨ ᠠᠵᠢᠯ ᠪᠣᠯᠣᠨ᠎ᠠ᠃ ᠠᠵᠢᠯᠴᠢ ᠬᠥᠳᠡᠯᠮᠦᠷᠢᠴᠢ ᠪᠠ ᠰᠤᠷᠤᠯᠴᠠᠵᠤ ᠣᠯᠣᠭᠰᠠᠨ ᠲᠤᠷᠰᠢᠯᠭ᠎ᠠ ᠮᠡᠷᠭᠡᠵᠢᠯ ᠢᠶᠠᠷ ᠢᠶᠠᠨ ᠲᠡᠷᠡ ᠥᠪᠡᠷ ᠤᠨ ᠦᠬᠡᠷ ᠤᠨ ᠢᠶᠠᠨ ᠲᠠᠷᠭᠤ ᠬᠦᠴᠦ ᠳᠣᠷᠪᠢᠲᠠᠢ᠂ ᠬᠡᠪᠴᠢᠶ᠎ᠡ ᠨᠢ ᠲᠠᠰᠤᠷᠠᠯᠲᠠ ᠦᠭᠡᠢ ᠪᠤᠵᠠᠭᠠᠶᠢᠷᠠᠵᠤ᠂ ᠠᠮᠢᠳᠤᠷᠠᠯ ᠨᠢ ᠴᠦ ᠤᠯᠠᠮ ᠢᠶᠠᠷ ᠥᠭᠡᠳᠡᠯᠡᠵᠦ ᠪᠠᠶᠢᠨ᠎ᠠ᠃      ︽20 ᠭᠠᠷᠤᠢ ᠠᠯᠠᠰᠢᠨ ᠦᠬᠡᠷ ᠬᠤᠳᠠᠯᠳᠤᠨ ᠠᠪᠤᠭᠠᠳ ᠲᠡᠵᠢᠭᠡᠨ ᠦᠷᠡᠵᠢᠭᠦᠯᠵᠦ ᠡᠬᠢᠯᠡᠵᠡᠢ᠂ ᠣᠳᠣ 50 ᠭᠠᠷᠤᠢ ᠦᠬᠡᠷ ᠬᠤᠳᠠᠯᠳᠤᠨ ᠠᠪᠴᠤ ᠪᠠᠶᠢᠨ᠎ᠠ᠂ ᠦ᠋ ᠪᠠᠭᠰᠢ ᠨᠠᠳᠠ ᠳᠤ ᠮᠡᠷᠭᠡᠵᠢᠯ ᠬᠠᠩᠭᠠᠵᠤ᠂ ᠦᠬᠡᠷ ᠬᠤᠳᠠᠯᠳᠤᠨ ᠠᠪᠬᠤ ᠪᠠ ᠦᠬᠡᠷ ᠬᠤᠳᠠᠯᠳᠤᠬᠤ ᠲᠠᠯ᠎ᠠ ᠪᠠᠷ ᠮᠢᠨᠤ ᠠᠷᠭ᠎ᠠ ᠵᠠᠮ ᠢ ᠥᠷᠭᠡᠳᠬᠡᠬᠦ ᠪᠣᠯᠣᠨ᠎ᠠ᠂ ᠡᠨᠡ ᠬᠤᠶᠠᠷ ᠵᠢᠯ ᠤᠨ ᠣᠷᠣᠯᠭ᠎ᠠ ᠶᠡᠭᠡ ᠰᠠᠶᠢᠨ ᠪᠠᠶᠢᠨ᠎ᠠ᠂ ᠡᠨᠡ ᠨᠢ ᠮᠢᠨᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠢᠲᠡᠭᠡᠯ ᠵᠣᠷᠢᠭ ᠢ ᠤᠯᠠᠮ ᠪᠠᠲᠤᠳᠬᠠᠵᠠᠢ᠂ ᠣᠳᠣ ᠶᠢᠨ ᠣᠷᠣᠯᠭ᠎ᠠ ᠪᠣᠯᠣᠨ ᠭᠠᠳᠠᠭᠰᠢ ᠭᠠᠷᠴᠤ ᠬᠥᠯᠥᠰᠦᠨ ᠠᠵᠢᠯ ᠬᠢᠭᠡᠳ ᠣᠯᠣᠭᠰᠠᠨ ᠣᠷᠣᠯᠭ᠎ᠠ ᠳᠡᠮᠡᠢ ᠵᠥᠷᠢᠬᠦ ᠦᠭᠡᠢ ᠪᠣᠯᠵᠠᠢ︾ ᠭᠡᠵᠦ ᠬᠡᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠬᠤᠳᠠᠬᠤᠸᠠ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠶᠢᠨ ᠵᠠᠩ ᡁᠢ ᠸᠧᠨ ᠤ ᠦᠬᠡᠷ ᠤᠨ ᠬᠠᠰᠢᠶᠠᠨ ᠳᠤ᠂ ᠡᠤ ᠪᠠᠭᠠᠨ᠎ᠠ ᠶᠠᠭ ᠵᠠᠩ ᡁᠢ ᠸᠧᠨ ᠡᠷ᠎ᠡ ᠡᠮ᠎ᠡ ᠬᠤᠶᠠᠭᠤᠯᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯ᠎ᠠ ᠪᠠᠷ ᠲᠤᠯᠭᠠᠷᠠᠭᠰᠠᠨ ᠬᠦᠴᠢᠷ ᠠᠰᠠᠭᠤᠳᠠᠯ ᠢ ᠬᠠᠷᠢᠭᠤᠯᠵᠤ ᠪᠠᠶᠢᠨ᠎ᠠ᠃ ᠵᠠᠩ ᡁᠢ ᠸᠧᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠬᠢᠨ ᠳᠡᠭᠡᠨ ᠡᠷ᠎ᠡ ᠡᠮ᠎ᠡ ᠬᠤᠶᠠᠭᠤᠯᠠ ᠡᠪᠡᠰᠦ ᠪᠣᠭᠤᠵᠢᠯᠠᠬᠤ ᠮᠠᠶᠢᠮᠠᠢ ᠬᠢᠵᠦ ᠪᠠᠶᠢᠵᠠᠢ᠂ ᠨᠢᠭᠡ ᠤᠳᠠᠭ᠎ᠠ ᠶᠢᠨ ᠰᠠᠨᠠᠮᠰᠠᠷ ᠦᠭᠡᠢ ᠪᠠᠷ ᠦᠪᠠᠭ᠎ᠠ ᠠᠴᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠰᠠᠶᠢᠨ ᠰᠠᠶᠢᠬᠠᠨ ᠢᠷᠡᠭᠡᠳᠦᠢ ᠶᠢ ᠣᠶᠢᠯᠠᠭᠠᠭᠰᠠᠨ ᠢᠶᠠᠷ᠂ 2019 ᠣᠨ ᠳᠤ ᠡᠷ᠎ᠡ ᠡᠮ᠎ᠡ ᠬᠤᠶᠠᠭᠤᠯᠠ ᠠᠩᠬᠠᠨ ᠤ ᠪᠦᠯᠦᠭ ᠪᠤᠬ᠎ᠠ ᠶᠢ ᠬᠤᠳᠠᠯᠳᠤᠨ ᠠᠪᠴᠤ᠂ ᠬᠡᠳᠦᠨ ᠰᠠᠷ᠎ᠠ ᠲᠡᠵᠢᠭᠡᠭᠡᠳ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢᠨ ︽ᠠᠩᠬᠠᠨ ᠤ ᠠᠯᠳᠠ ᠮᠥᠩᠭᠦ︾ ᠶᠢ ᠬᠤᠷᠢᠶᠠᠵᠤ᠂ ᠠᠰᠢᠭ ᠭᠥᠷᠳᠡᠭᠰᠡᠨ ᠲᠡᠳᠡ ᠡᠤ ᠪᠠᠭᠠᠨ᠎ᠠ ᠠᠴᠠ ᠦᠷᠭᠦᠯᠵᠢᠯᠡᠨ ᠦᠪᠠᠭ᠎ᠠ ᠠᠴᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠰᠤᠷᠴᠤ᠂ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠬᠦ ᠪᠠᠷ ᠲᠣᠭᠲᠠᠵᠠᠢ᠃ ᠠᠯᠠᠰᠢᠨ ᠦᠬᠡᠷ ᠬᠤᠳᠠᠯᠳᠤᠨ ᠠᠪᠬᠤ ᠪᠠ ᠪᠣᠷᠣᠯᠠᠭᠤᠯᠬᠤ ᠵᠠᠮ ᠤᠨ ᠠᠰᠠᠭᠤᠳᠠᠯ ᠳᠤ ᠴᠢᠭᠯᠡᠭᠦᠯᠦᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠩ ᠠᠨ ᠤ ᠶᠡᠭᠡ ᠰᠦᠮ᠎ᠡ ᠶᠢᠨ ᠦᠬᠡᠷ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠦᠬᠡᠷ ᠤᠨ ᠦᠨ᠎ᠡ ᠵᠠᠰᠠᠭᠴᠢ ᠪᠣᠯᠤᠭᠰᠠᠨ ᠤ ᠬᠤᠪᠢ ᠳᠤ᠂ ᠡᠤ ᠪᠠᠭᠠᠨ᠎ᠠ ᠥᠪᠡᠷ ᠤᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠩ ᠠᠨ ᠶᠡᠭᠡ ᠰᠦᠮ᠎ᠡ ᠶᠢᠨ ᠦᠬᠡᠷ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠡᠷᠬᠢᠨ ᠲᠣᠭᠤᠷᠢᠨ ᠤ ᠲᠤᠰᠬᠠᠢ ᠮᠡᠷᠭᠡᠵᠢᠯ ᠤᠨ ᠦᠬᠡᠷ ᠤᠨ ᠵᠠᠬ᠎ᠠ ᠳᠡᠯᠭᠡᠭᠦᠷ ᠲᠤ ᠬᠦᠷᠴᠦ ᠴᠢᠨᠠᠷ ᠰᠠᠶᠢᠲᠠᠢ ᠦᠬᠡᠷ ᠤᠨ ᠡᠭᠦᠯᠳᠡᠷ ᠢ ᠰᠣᠩᠭᠤᠨ ᠬᠤᠳᠠᠯᠳᠤᠨ ᠠᠪᠴᠤ᠂ ᠬᠤᠳᠠᠯᠳᠤᠬᠤ ᠠᠷᠭ᠎ᠠ ᠵᠠᠮ ᠢ ᠨᠢ ᠥᠷᠭᠡᠳᠬᠡᠬᠦ ᠳᠤ ᠬᠠᠪᠰᠤᠷᠤᠯᠭ᠎ᠠ ᠦᠵᠡᠭᠦᠯᠵᠦ᠂ ᠠᠯᠢ ᠤᠯᠠᠨ ᠬᠠᠪᠰᠤᠷᠤᠯᠭ᠎ᠠ ᠳᠣᠣᠷ᠎ᠠ᠂ ᠡᠷ᠎ᠡ ᠡᠮ᠎ᠡ ᠬᠤᠶᠠᠭᠤᠯᠠ ᠶᠢᠨ ᠣᠷᠣᠯᠭ᠎ᠠ ᠴᠤ ᠲᠠᠰᠤᠷᠠᠯᠲᠠ ᠦᠭᠡᠢ ᠨᠡᠮᠡᠭᠳᠡᠵᠡᠢ᠃ ︽ᠦ᠋ ᠬᠡᠷᠡᠭ ᠡᠷᠬᠢᠯᠡᠭᠴᠢᠳ ᠤᠨ ᠳᠠᠷᠤᠭ᠎ᠠ ᠮᠢᠨᠤ ᠦᠬᠡᠷ ᠲᠡᠵᠢᠭᠡᠬᠦ ᠶᠠᠪᠤᠴᠠ ᠳᠤ ᠨᠠᠳᠠ ᠳᠤ ᠮᠠᠰᠢ ᠤᠯᠠᠨ ᠵᠢᠯᠣᠭᠤᠳᠤᠯᠭ᠎ᠠ ᠬᠠᠩᠭᠠᠵᠤ᠂ ᠦᠬᠡᠷ ᠬᠤᠳᠠᠯᠳᠤᠨ ᠠᠪᠬᠤ ᠪᠠ ᠦᠬᠡᠷ ᠬᠤᠳᠠᠯᠳᠤᠬᠤ ᠲᠠᠯ᠎ᠠ ᠪᠠᠷ ᠨᠠᠳᠠ ᠳᠤ ᠬᠥᠭᠦᠷᠭᠡ ᠬᠤᠯᠪᠣᠭᠠᠰᠤ ᠪᠣᠯᠵᠤ᠂ ᠲᠡᠵᠢᠭᠡᠨ ᠦᠷᠡᠵᠢᠭᠦᠯᠬᠦ ᠮᠡᠷᠭᠡᠵᠢᠯ ᠪᠣᠯᠣᠨ ᠮᠡᠳᠡᠯᠭᠡ ᠶᠢ ᠵᠢᠭᠠᠵᠤ᠂ ᠨᠠᠳᠠ ᠶᠢ ᠲᠣᠭᠤᠷᠢᠤ ᠵᠠᠮ ᠢᠶᠠᠷ ᠳᠤᠲᠠᠭᠤ ᠵᠠᠮᠨᠠᠭᠤᠯᠤᠭᠰᠠᠨ ᠪᠠᠶᠢᠨ᠎ᠠ︾ ᠭᠡᠵᠦ ᠬᠡᠯᠡᠪᠡ᠃ ︽ᠦ᠋ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ ᠮᠢᠨᠤ ᠦᠬᠡᠷ ᠲᠡᠵᠢᠭᠡᠬᠦ ᠶᠠᠪᠤᠴᠠ ᠳᠤ ᠨᠠᠳᠠ ᠳᠤ ᠮᠠᠰᠢ ᠤᠯᠠᠨ ᠵᠢᠯᠣᠭᠤᠳᠤᠯᠭ᠎ᠠ ᠥᠭᠴᠡᠢ᠂ ᠦᠬᠡᠷ ᠢ ᠬᠤᠳᠠᠯᠳᠤᠨ ᠠᠪᠬᠤ ᠪᠠ ᠬᠤᠳᠠᠯᠳᠤᠬᠤ ᠲᠠᠯ᠎ᠠ ᠪᠠᠷ ᠨᠠᠳᠠ ᠳᠤ ᠬᠥᠭᠦᠷᠭᠡ ᠬᠤᠯᠪᠣᠭᠠᠰᠤ ᠪᠣᠯᠵᠤ᠂ ᠨᠠᠳᠠ ᠳᠤ ᠲᠡᠵᠢᠭᠡᠪᠦᠷᠢ ᠶᠢᠨ ᠮᠡᠷᠭᠡᠵᠢᠯ ᠪᠣᠯᠣᠨ ᠮᠡᠳᠡᠯᠭᠡ ᠶᠢ ᠵᠢᠭᠠᠵᠤ᠂ ᠨᠠᠳᠠ ᠶᠢ ᠲᠣᠭᠤᠷᠢᠤ ᠵᠠᠮ ᠢᠶᠠᠷ ᠳᠤᠲᠠᠭᠤ ᠵᠠᠮᠨᠠᠭᠤᠯᠤᠭᠰᠠᠨ ᠪᠠᠶᠢᠨ᠎ᠠ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤ ᠶᠢᠨ ᠬᠤᠲᠠᠴᠢᠯᠠᠭᠰᠠᠨ ᠭᠠᠴᠠᠭ᠎ᠠ ᠶᠢᠨ ᠲᠡᠵᠢᠭᠡᠨ ᠦᠷᠡᠵᠢᠭᠦᠯᠬᠦ ᠡᠷᠦᠭᠡ ᠵᠠᠩ ᡁᠢ ᠸᠧᠨ ᠬᠡᠯᠡᠪᠡ᠃ ᠣᠳᠣᠬᠠᠨ ᠳᠤ᠂ ᠤᠯᠠᠮ ᠠᠴᠠ ᠤᠯᠠᠮ ᠣᠯᠠᠨ ᠣᠶᠢᠷ᠎ᠠ ᠬᠠᠪᠢ ᠶᠢᠨ ᠮᠠᠯᠴᠢᠨ ᠲᠠᠷᠢᠶᠠᠴᠢᠨ ᠰᠠᠨᠠᠭᠠᠴᠢᠯᠠᠭ᠎ᠠ  ᠠᠴᠠ ᠪᠠᠨ ᠡᠤ ᠪᠠᠭᠠᠨ᠎ᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯ᠎ᠠ ᠶᠢᠨ ᠮᠡᠷᠭᠡᠵᠢᠯ ᠢ ᠡᠷᠢᠨ ᠣᠯᠵᠤ᠂ ᠰᠢᠨᠵᠢᠯᠡᠬᠦ ᠤᠬᠠᠭᠠᠨᠴᠢᠯᠠᠭᠰᠠᠨ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠷ ᠳᠡᠮᠵᠢᠨ᠂ ᠮᠠᠯᠴᠢᠨ ᠲᠠᠷᠢᠶᠠᠴᠢᠨ ᠤ ᠠᠰᠢᠭ ᠣᠷᠣᠯᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠠᠮᠢᠳᠤᠷᠠᠯ ᠨᠢ ᠴᠦ ᠤᠯᠠᠮ ᠠᠴᠠ ᠤᠯᠠᠮ ᠥᠭᠡᠳᠡᠯᠡᠬᠦ ᠡᠷᠡᠮᠡᠯᠵᠡᠯ ᠲᠠᠢ ᠪᠣᠯᠵᠤ ᠪᠠᠶᠢᠨ᠎ᠠ᠃ ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠣᠨᠴᠠᠯᠢᠭ ᠪᠠ ᠳᠠᠪᠠᠭᠤᠯᠢᠭ ᠠᠵᠤ ᠦᠢᠯᠡᠰ ᠢ ᠭᠤᠣᠯᠳᠠᠯᠭ᠎ᠠ ᠲᠠᠢ ᠲᠣᠪᠤᠶᠢᠯᠭᠠᠨ᠂ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠰᠦᠷᠦᠭᠵᠢᠯ ᠢᠶᠠᠨ ᠥᠷᠭᠡᠳᠬᠡᠨ ᠨᠡᠮᠡᠭᠳᠡᠭᠦᠯᠬᠦ᠂ ᠥᠨᠳᠥᠷ ᠪᠦᠲᠦᠮᠵᠢᠲᠡᠶ ᠬᠥᠭᠵᠢᠬᠦ ᠶᠢ ᠲᠦᠯᠬᠢᠨ ᠠᠬᠢᠭᠤᠯᠵᠤ ᠪᠠᠶᠢᠨ᠎ᠠ᠃ 2022 ᠣᠨ ᠳᠤ᠂ ᠪᠥᠬᠦ ᠬᠤᠰᠢᠭᠤᠨ ᠤ ᠮᠠᠯ ᠤᠨ ᠲᠤᠭ᠎ᠠ 203. 41 ᠲᠦᠮᠡ ᠳᠤ ᠲᠣᠭᠲᠠᠪᠤᠷᠢᠵᠢᠵᠤ᠂ ᠡᠭᠦᠨ ᠳᠤ᠂ ᠦᠬᠡᠷ 38.83 ᠲᠦᠮᠡ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 10.51% ᠨᠡᠮᠡᠭᠳᠡᠪᠡ︔ ᠦᠷᠡᠵᠢᠯ ᠤᠨ ᠦᠨᠢᠶ᠎ᠡ 25.82 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.53% ᠨᠡᠮᠡᠭᠳᠡᠪᠡ︔ ᠠᠯᠠᠰᠢᠨ ᠦᠬᠡᠷ ᠤᠨ ᠲᠤᠭ᠎ᠠ 34.73 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.40% ᠨᠡᠮᠡᠭᠳᠡᠪᠡ︔ ᠪᠣᠷᠳᠣᠵᠤ ᠲᠠᠷᠭᠤᠯᠠᠭᠤᠯᠤᠭᠰᠠᠨ ᠦᠬᠡᠷ ᠤᠨ ᠲᠤᠭ᠎ᠠ 4.03 ᠲᠦᠮᠡ ᠳᠤ ᠬᠦᠷᠴᠡᠢ︔ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ 3 ᠲᠦᠮᠡᠨ ᠡᠷᠦᠬᠡ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠷᠰᠢᠶᠠᠵᠢᠯ 500 ᠡᠷᠦᠬᠡ ᠪᠤᠯᠪᠠ᠃  
 
ᠢᠷᠡᠯᠲᠡ᠄ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号