ᠠᠵᠤ ᠠᠬᠤᠶᠢᠯᠠᠯ ᠤᠨ ᠦᠢᠯᠡᠳᠪᠦᠷᠢᠯᠡᠯ ︽ᠰᠠᠶᠢᠨ ᠡᠬᠢᠯᠡᠯᠲᠡ︾ ᠲᠠᠢ ᠪᠣᠯᠬᠤ ᠪᠠᠷ ᠮᠡᠷᠡᠶᠢᠨ ᠴᠢᠷᠮᠠᠶᠢᠨ᠎ᠠ
ᠨᠡᠶᠢᠲᠡᠯᠡᠭᠰᠡᠨ ᠴᠠᠭ᠄
2023/2/7
 
   2 ᠰᠠᠷ᠎ᠠ ᠶᠢᠨ 2 ᠤᠨ ᠡᠳᠦᠷ᠂ ᠬᠢᠩᠭᠠᠨ ᠠᠶᠢᠮᠠᠭ ᠤᠨ ᠵᠢᠦᠵᠸᠦ ᠶᠢᠨ ᠳ᠋ᠠ ᠳ᠋ᠢ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠮᠠᠰᠢᠨ ᠬᠦᠩᠭᠢᠨᠡᠵᠦ᠂ ᠠᠵᠢᠯᠴᠢᠳ ᠦᠢᠯᠡᠳᠪᠦᠷᠢᠯᠡᠯ ᠳᠡᠭᠡᠨ ᠶᠠᠭᠠᠷᠠᠵᠤ᠂ ᠵᠠᠬᠢᠶᠠᠯᠠᠭ᠎ᠠ ᠶᠢᠨ ᠬᠠᠭᠤᠳᠠᠰᠤ ᠪᠠᠨ ᠠᠮᠵᠢᠵᠤ᠂ ᠰᠠᠶᠢᠨ ᠡᠬᠢᠯᠡᠯᠲᠡ ᠲᠠᠢ ᠪᠣᠯᠬᠤ ᠪᠠᠷ ᠡᠷᠡᠯᠬᠡᠭᠯᠡᠨ ᠲᠡᠮᠡᠴᠡᠵᠦ ᠪᠠᠶᠢᠭ᠎ᠠ ᠨᠢ᠃ ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠵᠢᠦ ᠵᠧᠤ ᠶᠢᠨ ᠳ᠋ᠠ ᠳ᠋ᠢ ᠲᠡᠵᠢᠭᠡᠯ ᠪᠣᠷᠳᠣᠭᠠᠨ ᠤ ᠬᠢᠵᠠᠭᠠᠷᠲᠤ ᠺᠣᠮᠫᠠᠨᠢ ᠪᠣᠯ ᠬᠢᠩᠭᠠᠨ ᠠᠶᠢᠮᠠᠭ ᠤᠨ ᠭᠠᠵᠠᠷ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠲᠡᠵᠢᠭᠡᠯ ᠪᠣᠷᠳᠣᠭᠠᠨ ᠤ ᠠᠵᠤ  ᠦᠢᠯᠡᠳᠪᠦᠷᠢ ᠶᠢᠨ  ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ᠎ᠠ᠃ ᠠᠵᠤ ᠠᠬᠤᠶᠢᠯᠠᠯ ᠨᠢ ᠣᠳᠣᠬᠠᠨ ᠳᠤ ᠬᠤᠶᠠᠷ ᠵᠦᠢᠯ ᠤᠨ ᠲᠤᠰᠠᠭᠠᠷ ᠦᠢᠯᠡᠳᠪᠦᠷᠢᠯᠡᠯ ᠤᠨ ᠱᠤᠭᠤᠮ ᠲᠠᠢ ᠪᠠᠶᠢᠵᠤ᠂ ᠵᠢᠯ ᠳᠤ ᠮᠠᠯ ᠵᠢᠭᠦᠷᠲᠡᠨ᠂ ᠬᠡᠪᠢᠭᠴᠢ ᠠᠮᠢᠲᠠᠨ ᠤ ᠲᠡᠵᠢᠭᠡᠯ ᠪᠣᠷᠳᠤᠭ᠎ᠠ ᠶᠢ 12 ᠲᠦᠮᠡᠨ ᠲᠣᠨ ᠦᠢᠯᠡᠳᠪᠦᠷᠢᠯᠡᠵᠦ ᠳᠡᠶᠢᠯᠬᠦ ᠪᠣᠯᠪᠠ᠃ ᠬᠤᠯᠪᠣᠭᠳᠠᠬᠤ ᠪᠦᠲᠦᠭᠡᠭᠳᠡᠬᠦᠨ ᠳᠤ ᠭᠤᠣᠯᠳᠠᠭᠤ ᠠᠭᠰᠢᠭᠠᠮᠠᠯ ᠪᠣᠷᠳᠤᠭ᠎ᠠ᠂ ᠬᠤᠯᠢᠮᠠᠯ ᠪᠣᠷᠳᠤᠭ᠎ᠠ᠂ ᠨᠠᠷᠢᠯᠢᠭ ᠪᠣᠷᠳᠤᠭ᠎ᠠ ᠶᠢᠨ ᠨᠥᠬᠦᠪᠥᠷᠢ ᠪᠣᠷᠳᠤᠭ᠎ᠠ ᠪᠠᠶᠢᠵᠤ᠂ ᠰᠤᠳᠤᠯᠤᠨ ᠨᠡᠭᠡᠭᠡᠬᠦ ᠲᠥᠪ ᠲᠤ ᠲᠦᠰᠢᠭᠯᠡᠵᠦ᠂ ᠠᠵᠤ ᠠᠬᠤᠶᠢᠯᠠᠯ ᠤᠨ ᠬᠡᠪᠢᠭᠴᠢ ᠠᠮᠢᠲᠠᠨ ᠪᠠ ᠭᠠᠭ᠋ᠠᠢ ᠲᠡᠵᠢᠭᠡᠬᠦ ᠮᠡᠷᠭᠡᠵᠢᠯ ᠤᠨ ᠲᠠᠯ᠎ᠠ ᠪᠠᠷ ᠥᠪᠡᠷᠮᠢᠴᠡ ᠣᠨᠴᠠᠯᠢᠭ ᠲᠠᠢ ᠪᠠᠶᠢᠵᠤ᠂ ᠣᠨᠴᠠᠭᠠᠶᠢᠯᠠᠨ ᠠᠵᠤ ᠠᠬᠤᠶᠢᠯᠠᠯ ᠤᠨ ᠠᠮᠢᠳᠤ ᠪᠣᠳᠠᠰ ᠤᠨ ᠪᠣᠷᠳᠤᠭ᠎ᠠ ᠨᠢ ᠬᠢᠩᠭᠠᠨ ᠠᠶᠢᠮᠠᠭ ᠤᠨ ᠬᠤᠭᠤᠰᠣᠨ ᠢ ᠨᠥᠬᠦᠪᠥᠷᠢᠯᠡᠵᠡᠢ᠃            ᠰᠤᠷᠪᠤᠯᠵᠢᠯᠠᠭᠴᠢ ᠪᠦᠦ ᠪᠤᠶᠠᠨᠳᠡᠯᠭᠡᠷ ᠰᠡᠭᠦᠳᠡᠷᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号